蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠨᠠᠶ᠋ᠮᠠᠨ ᠬᠤᠪᠢ ᠶᠢᠨ ᠭᠤᠷᠪᠠᠳᠤᠭᠠᠷ ᠳᠡᠰ ᠤᠨ ᠡᠮᠨᠡᠯᠬᠡ ᠨᠢᠬᠡᠨᠲᠠ ᠡᠮᠨᠡᠯᠭᠡ ᠶᠢᠨ ᠬᠤᠯᠪᠤᠭ᠎ᠠ ᠪᠠᠶᠢᠭᠤᠯᠪᠠ

2017-09-12 11:58

    ᠡᠮᠨᠡᠯᠭᠡ ᠶᠢᠨ ᠬᠤᠯᠪᠤᠭ᠎ᠠ ᠬᠡᠵᠤ ᠶᠠᠭᠤ ᠪᠤᠢ ? ᠳᠦᠬᠦᠮ ᠢᠶᠡᠷ ᠬᠡᠯᠡᠪᠡᠯ᠂ ᠡᠮᠨᠡᠯᠭᠡ ᠶᠢᠨ ᠬᠤᠯᠪᠤᠭ᠎ᠠ ᠪᠤᠯ ᠨᠢᠬᠡ ᠵᠦᠢᠯ ᠤᠨ ᠠᠳᠠᠯᠢ ᠪᠦᠰᠡ ᠨᠤᠲᠤᠭ ᠲᠡᠬᠢ ᠡᠮᠨᠡᠯᠬᠡ ᠶᠢᠨ ᠡᠬᠢ ᠰᠤᠷᠪᠤᠯᠵᠢ ᠶᠢ ᠨᠢᠬᠡᠳᠭᠡᠭ᠍ᠰᠡᠨ ᠬᠡᠯᠡᠯᠴᠡᠭᠡᠷ ᠮᠦᠨ᠂ ᠢᠩᠬᠢᠭ᠍ᠰᠡᠨ ᠢᠶᠡᠷ ᠢᠷᠭᠡᠳ ᠡᠪᠡᠳᠴᠢᠨ ᠦᠵᠡᠬᠦᠯᠬᠦ ᠳᠤ ᠳᠦᠬᠦᠮ ᠪᠤᠯᠳᠠᠭ᠃ ᠥᠨᠥ᠂ ᠳᠤᠮᠳᠠᠳᠤ ᠤᠯᠤᠰ ᠤᠨ ᠨᠠᠶ᠋ᠮᠠᠨ ᠬᠤᠪᠢ ᠶᠢᠨ ᠭᠤᠷᠪᠠᠳᠤᠭᠠᠷ ᠳᠡᠰ ᠤᠨ ᠡᠮᠨᠡᠯᠬᠡ ᠨᠢ ᠡᠮᠨᠡᠯᠭᠡ ᠶᠢᠨ ᠬᠤᠯᠪᠤᠭ᠎ᠠ ᠪᠠᠶᠢᠭᠤᠯᠤᠬᠰᠠᠨ ᠢᠶᠡᠷ ᠢᠷᠭᠡᠳ  ᠤᠨ ᠰᠢᠶᠠᠨ ᠳᠤᠲᠤᠷ᠎ᠠ ᠪᠠᠨ ᠡᠮᠴᠢᠯᠡᠬᠦᠯᠬᠦ ᠨᠣᠷᠮ᠎ᠠ 82.5% ᠳᠤ ᠬᠦᠷᠤᠭ᠍ᠰᠠᠨ ᠪᠠᠶᠢᠨ᠎ᠠ᠃

    ᠤᠯᠤᠰ ᠤᠨ ᠡᠷᠡᠭᠦᠯ ᠬᠠᠮᠠᠭᠠᠯᠠᠯ ᠲᠦᠯᠦᠪᠯᠡᠬᠡᠲᠤ ᠦᠷᠡᠵᠢᠯ ᠤᠨ ᠵᠦᠪᠯᠡᠯ ᠤᠨ ᠡᠷᠬᠢᠯᠡᠭᠴᠢ ᠯᠢ ᠪᠢᠨ ᠤ ᠲᠠᠨᠢᠯᠴᠠᠭᠤᠯᠤᠭᠰᠠᠨ ᠢᠶᠡᠷ᠂ ᠤᠳᠤᠬᠠᠨ ᠳᠤ ᠳᠤᠮᠳᠠᠳᠤ ᠤᠯᠤᠰ ᠤᠨ ᠡᠮᠨᠡᠯᠭᠡ ᠶᠢᠨ ᠬᠤᠯᠪᠤᠭᠠᠨ ᠤ ᠪᠠᠶᠢᠭᠤᠯᠤᠯᠲᠠ ᠭᠤᠤᠯᠳᠠᠭᠤ 4 ᠵᠦᠢᠯ ᠤᠨ ᠬᠡᠪ ᠵᠠᠬᠪᠤᠷ ᠲᠠᠢ᠄ ᠨᠢᠬᠡ᠂ ᠬᠤᠲᠠ ᠶᠢᠨ ᠡᠮᠨᠡᠯᠬᠡ ᠶᠢᠨ ᠪᠦᠯᠦᠭᠯᠡᠯ ᠪᠠᠶᠢᠭᠤᠯᠵᠤ᠂ ᠪᠠᠶᠠᠯᠢᠭ ᠶᠢᠡᠨ ᠬᠤᠪᠢᠶᠠᠯᠴᠠᠬᠤ ᠶᠢ ᠰᠦᠪᠡᠭ᠍ᠴᠢᠯᠡᠬᠦ᠂ ᠠᠵᠢᠯ ᠬᠤᠪᠢᠶᠠᠷᠢᠯᠠᠨ ᠬᠠᠮᠲᠤ ᠪᠡᠷ ᠠᠵᠢᠯᠯᠠᠬᠤ ᠬᠠᠮᠢᠶᠠᠷᠤᠯᠲᠠ ᠶᠢᠨ ᠬᠡᠪ ᠵᠠᠬᠪᠤᠷ᠃ ᠬᠤᠶᠠᠷ᠂ ᠭᠤᠷᠪᠠᠳᠤᠭᠠᠷ ᠳᠡᠰ ᠤᠨ ᠬᠤᠯᠪᠤᠭᠠᠯᠠᠬᠰᠠᠨ ᠰᠢᠶᠠᠨ ᠤ ᠬᠡᠪᠴᠢᠶᠡᠨ ᠤ ᠡᠮᠨᠡᠯᠬᠡ ᠶᠢᠨ ᠥᠢᠯᠡᠴᠢᠯᠡᠬᠡᠨ ᠤ ᠲᠤᠭᠲᠠᠯᠴᠠᠭ᠎ᠠ ᠪᠠᠶᠢᠭᠤᠯᠬᠤ ᠬᠡᠪ ᠵᠠᠬᠪᠤᠷ᠃ ᠭᠤᠷᠪᠠ᠂ ᠲᠤᠰᠬᠠᠢ ᠡᠮᠨᠡᠯᠬᠡ ᠶᠢᠨ ᠬᠤᠯᠪᠤᠭ᠎ᠠ ᠪᠠᠶᠢᠭᠤᠯᠬᠤ ᠬᠡᠪ ᠵᠠᠬᠪᠤᠷ᠃ ᠳᠦᠷᠪᠡ᠂ ᠠᠯᠤᠰ ᠵᠠᠢ ᠡᠴᠡ ᠡᠮᠴᠢᠯᠡᠬᠦ ᠬᠤᠷᠰᠢᠨ ᠠᠵᠢᠯᠯᠠᠬᠤ ᠨᠧᠲ ᠤᠨ ᠪᠦᠷᠭᠦᠯᠲᠡ ᠶᠢ ᠦᠷᠭᠡᠳᠭᠡᠬᠦ ᠬᠡᠪ ᠵᠠᠬᠪᠤᠷ᠃ 

    ᠪᠦᠷᠢᠳᠭᠡᠯ ᠢ ᠦᠨᠳᠤᠰᠦᠯᠡᠪᠡᠯ᠂ ᠥᠨᠥ ᠵᠢᠯ ᠤᠨ ᠵᠢᠷᠭᠤᠳᠤᠭᠠᠷ ᠰᠠᠷ᠎ᠠ ᠶᠢᠨ ᠰᠡᠬᠦᠯᠴᠢ ᠪᠤᠯᠲᠠᠯ᠎ᠠ ᠳᠤᠮᠳᠠᠳᠤ ᠤᠯᠤᠰ ᠤᠨ 1764 ᠭᠤᠷᠪᠠᠳᠤᠭᠠᠷ ᠳᠡᠰ ᠤᠨ ᠡᠮᠨᠡᠯᠬᠡ ᠨᠢᠬᠡᠨᠲᠠ ᠤᠯᠠᠨ ᠲᠥᠷᠦᠯ ᠤᠨ ᠡᠮᠨᠡᠯᠭᠡ ᠶᠢᠨ ᠬᠤᠯᠪᠤᠭ᠎ᠠ ᠪᠠᠶᠢᠭᠤᠯᠬᠤ ᠠᠵᠢᠯ ᠦᠷᠨᠢᠬᠦᠯᠤᠭ᠍ᠰᠡᠨ ᠨᠢ ᠤᠯᠤᠰ ᠳᠠᠶᠠᠭᠠᠷ ᠤᠨ ᠭᠤᠷᠪᠠᠳᠤᠭᠠᠷ ᠳᠡᠰ ᠤᠨ ᠡᠮᠨᠡᠯᠬᠡ ᠶᠢᠨ 80% ᠶᠢ ᠡᠵᠡᠯᠡᠭᠰᠡᠨ ᠪᠠᠶᠢᠨ᠎ᠠ᠃

ᠢᠷᠡᠯᠳᠡ᠄ ᠠᠷᠠᠳ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121649352