蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ᠄ 50 ᠲᠦᠷᠦᠯ ᠤᠨ ᠡᠪᠡᠳᠴᠢᠨ ᠳ᠋ᠤ ᠡᠪᠡᠳᠴᠢᠨ ᠤ ᠲᠦᠷᠦᠯ ᠢᠶᠡᠷ ᠨᠢ ᠲᠦᠯᠦᠪᠦᠷᠢ ᠬᠤᠷᠢᠶᠠᠬᠤ ᠠᠷᠭ᠎ᠠ ᠶᠢ ᠨᠢᠭᠡᠳᠦᠯᠳᠠᠢ ᠭᠡᠷᠡᠭᠵᠢᠬᠦᠯᠪᠡ

2017-09-19 17:29

    ᠡᠮᠦᠨᠡᠭᠡᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ᠂ ᠦᠪᠡᠷᠳᠡᠭᠡᠨ ᠵᠠᠰᠠᠬᠤ ᠤᠷᠤᠨ ᠤ ᠬᠦᠮᠦᠨ ᠤ ᠨᠦᠬᠡᠴᠡ ᠪᠠ ᠨᠡᠢᠢᠭᠡᠮ ᠤᠨ ᠪᠠᠳᠤᠯᠠᠭ᠎ᠠ ᠶᠢᠨ ᠲᠢᠩᠬᠢᠮ ᠵᠡᠷᠭᠡ ᠨᠢᠭᠡᠴᠡ ᠬᠠᠮᠳᠤᠷᠠᠨ《ᠡᠪᠡᠳᠴᠢᠨ ᠤ ᠲᠦᠷᠦᠯ ᠢᠶᠡᠷ ᠲᠦᠯᠦᠪᠦᠷᠢ ᠬᠤᠷᠢᠶ᠍ᠠᠬᠤ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ》(ᠮᠡᠳᠡᠭᠳᠡᠯ ᠬᠡᠵᠤ ᠲᠤᠪᠴᠢᠯᠠᠶ᠎ᠠ) ᠢ ᠳᠠᠷᠤᠮᠠᠯᠯᠠᠨ ᠲᠠᠷᠬᠠᠭᠠᠵᠦ᠂ 50 ᠲᠦᠷᠦᠯ ᠤᠨ ᠡᠪᠡᠳᠴᠢᠨ ᠳᠤ ᠡᠪᠡᠳᠴᠢᠨ ᠤ ᠲᠦᠷᠦᠯ ᠢᠶᠡᠷ ᠨᠢ ᠲᠦᠯᠦᠪᠦᠷᠢ ᠬᠤᠷᠢᠶ᠍ᠠᠬᠤ ᠠᠷᠭ᠎ᠠ ᠶᠢ ᠨᠢᠭᠡᠳᠦᠯᠳᠠᠢ ᠭᠡᠷᠡᠭᠵᠢᠬᠦᠯᠬᠦ ᠪᠡᠷ ᠪᠤᠯᠪᠠ᠃

    《ᠮᠡᠳᠡᠭᠳᠡᠯ》 ᠳ᠋ᠤ᠂ ᠦᠪᠦᠷ ᠮᠤᠩᠭᠤᠯ ᠤᠨ ᠬᠤᠶ᠍ᠠᠳᠤᠭᠠᠷ᠋ ᠳᠡᠰ ᠵᠢᠴᠢ ᠬᠤᠶ᠍ᠠᠳᠤᠭᠠᠷ᠋ ᠳᠡᠰ ᠡᠴᠡ ᠳᠡᠭᠡᠭᠰᠢᠬᠢ ᠠᠯᠪᠠᠨ ᠡᠴᠡ ᠪᠠᠶᠢᠭᠤᠯᠤᠭᠰᠠᠨ ᠡᠮᠨᠡᠯᠭᠡ ᠵᠢᠨ ᠬᠤᠷᠢᠶᠠᠨ ᠳᠤ ᠡᠪᠡᠳᠴᠢᠨ ᠤ ᠲᠦᠷᠦᠯ ᠢᠶᠡᠷ ᠨᠢ ᠲᠦᠯᠦᠪᠦᠷᠢ ᠬᠤᠷᠢᠶ᠍ᠠᠬᠤ ᠦᠭᠡᠷᠡᠴᠢᠯᠡᠯᠳᠡ ᠶᠢ ᠭᠡᠷᠡᠭᠵᠢᠬᠦᠯᠵᠦ᠂ ᠦᠪᠦᠷ ᠮᠤᠩᠭᠤᠯ ᠤᠨ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠶᠢ ᠲᠤᠭᠳᠠᠭᠠᠬᠤ ᠬᠡᠯᠪᠡᠷᠢ ᠵᠢᠨ ᠦᠭᠡᠷᠡᠴᠢᠯᠡᠯᠳᠡ ᠶᠢ ᠠᠬᠢᠭᠤᠯᠤᠨ᠂ ᠡᠮᠴᠢᠯᠡᠭᠡᠨ ᠤ ᠵᠠᠷᠤᠳᠠᠯ ᠤᠨ ᠵᠤᠬᠢᠰ ᠦᠭᠡᠢ ᠨᠡᠮᠡᠭᠳᠡᠯ ᠢ ᠬᠢᠵᠠᠭᠠᠷᠯᠠᠵᠤ᠂ ᠤᠯᠠᠨ ᠲᠦᠮᠡᠨ ᠤ ᠳᠠᠷᠤᠭᠠᠰᠦ ᠶᠢ ᠬᠦᠩᠭᠡᠷᠡᠬᠦᠯᠦᠨ᠎ᠡ ᠭᠡᠵᠦ ᠳᠤᠳᠤᠷᠬᠠᠶᠢᠯᠠᠪᠠ᠃ ᠲᠤᠰ《ᠮᠡᠳᠡᠭᠳᠡᠯ》 ᠢ 9 ᠰᠠᠷ᠎ᠠ ᠵᠢᠨ 1 ᠤ ᠡᠳᠦᠷ᠋ ᠡᠴᠡ ᠡᠬᠢᠯᠡᠨ ᠨᠢᠭᠡ ᠵᠢᠯ ᠤᠨ ᠬᠤᠭᠤᠴᠠᠭ᠎ᠠ ᠲᠠᠢ ᠲᠤᠷᠰᠢᠨ ᠬᠡᠷᠡᠭᠵᠢᠬᠦᠯᠦᠨ᠎ᠡ᠃

    《ᠮᠡᠳᠡᠭᠳᠡᠯ》ᠳ᠋ᠤ ᠂ ᠦᠪᠦᠷ ᠮᠤᠩᠭᠤᠯ ᠤᠨ ᠬᠤᠶ᠍ᠠᠳᠤᠭᠠᠷ᠋ ᠳᠡᠰ ᠵᠢᠴᠢ ᠬᠤᠶ᠍ᠠᠳᠤᠭᠠᠷ᠋ ᠳᠡᠰ ᠡᠴᠡ ᠳᠡᠭᠡᠭᠰᠢᠬᠢ ᠠᠯᠪᠠᠨ ᠡᠴᠡ ᠡᠷᠬᠢᠯᠡᠭᠰᠡᠨ ᠡᠮᠨᠡᠯᠭᠡ ᠵᠢᠨ ᠬᠤᠷᠢᠶᠠᠨ ᠳᠤ ᠠᠩᠬᠠᠨ ᠤ ᠪᠦᠯᠦᠭ 50 ᠲᠦᠷᠦᠯ ᠤᠨ ᠡᠪᠡᠳᠴᠢᠨ ᠳᠤ ᠡᠪᠡᠳᠴᠢᠨ ᠤ ᠲᠦᠷᠦᠯ ᠢᠢᠡᠷ᠋ ᠨᠢ ᠲᠦᠯᠦᠪᠦᠷᠢ ᠬᠤᠷᠢᠶ᠍ᠠᠬᠤ ᠶᠢ ᠨᠢᠭᠡᠳᠦᠯᠳᠠᠢ ᠭᠡᠷᠡᠭᠵᠢᠬᠦᠯᠵᠦ᠂ ᠡᠪᠡᠳᠴᠢᠨ ᠢ ᠤᠨᠤᠰᠢᠯᠠᠨ ᠵᠠᠰᠠᠭᠰᠠᠨ ᠨᠡᠷᠡᠶᠢᠳᠦᠯ ᠵᠢᠴᠢ ᠮᠡᠰᠡ ᠵᠠᠰᠠᠯ ᠬᠢᠭᠰᠡᠨ ᠨᠢ ᠡᠪᠡᠳᠴᠢᠨ ᠤ ᠲᠦᠷᠦᠯ ᠢᠶᠡᠷ ᠲᠦᠯᠦᠪᠦᠷᠢ ᠬᠤᠷᠢᠶ᠍ᠠᠬᠤ ᠨᠦᠬᠦᠴᠡᠯ ᠳᠦ ᠨᠡᠢᠢᠴᠡᠭᠰᠡᠨ ᠦᠨᠳᠦᠰᠦᠨ ᠡᠮᠨᠡᠯᠭᠡ ᠵᠢᠨ ᠳᠠᠭᠠᠳᠬᠠᠯ ᠳᠦ ᠤᠷᠤᠯᠴᠠᠭᠰᠠᠳ ᠵᠢᠴᠢ ᠡᠮᠨᠡᠬᠦᠯᠦᠭᠰᠡᠨ ᠲᠦᠯᠦᠪᠦᠷᠢ ᠢᠶᠡᠨ ᠦᠪᠡᠷ ᠢᠶᠡᠨ ᠬᠠᠷᠢᠭᠤᠴᠠᠬᠤ ᠡᠪᠡᠳᠴᠢᠳᠡᠳ ᠢ ᠪᠦᠬᠦᠨ ᠢ ᠡᠪᠡᠳᠴᠢᠨ ᠤ ᠲᠦᠷᠦᠯ ᠢᠢᠡᠷ᠋ ᠲᠦᠯᠦᠪᠦᠷᠢ ᠬᠤᠷᠢᠶ᠍ᠠᠬᠤ ᠬᠡᠪᠴᠢᠶ᠍ᠡᠨ ᠳᠦ ᠬᠠᠮᠤᠷᠤᠭᠤᠯᠤᠨ᠎ᠠ᠃ ᠡᠭᠦᠨ ᠤ ᠵᠡᠷᠭᠡᠪᠡᠷ᠋ ᠂ ᠡᠪᠡᠳᠴᠢᠨ ᠤ ᠲᠦᠷᠦᠯ ᠢᠶᠡᠷ ᠲᠦᠯᠦᠪᠦᠷᠢ ᠬᠤᠷᠢᠶ᠍ᠠᠬᠤ ᠳᠤ ᠠᠳᠠᠯᠢ ᠪᠤᠰᠤ ᠲᠦᠯᠦᠪᠦᠷᠢ ᠬᠤᠷᠢᠶ᠍ᠠᠬᠤ ᠲᠦᠷᠦ ᠵᠢᠨ ᠪᠤᠳᠤᠯᠭ᠎ᠠ ᠭᠡᠷᠡᠭᠵᠢᠬᠦᠯᠬᠦ ᠶᠢ ᠳᠤᠳᠤᠷᠬᠠᠢᠢᠯᠠᠵᠦ᠂ ᠡᠮᠨᠡᠯᠭᠡ ᠵᠢᠨ ᠬᠤᠷᠢᠶᠠᠨ ᠤ ᠠᠳᠠᠯᠢ ᠪᠤᠰᠤ ᠲᠡᠰ ᠶᠢ ᠦᠨᠳᠦᠰᠦᠯᠡᠨ ᠬᠤᠶ᠍ᠠᠷ᠋ ᠵᠦᠢᠯ ᠤᠨ ᠲᠦᠯᠦᠪᠦᠷᠢ ᠬᠤᠷᠢᠶ᠍ᠠᠬᠤ ᠪᠠᠷᠢᠮᠵᠢᠶ᠎ᠠ ᠲᠤᠭᠳᠠᠭᠠᠵᠦ᠂ ᠳᠡᠰ ᠬᠤᠪᠢᠶ᠍ᠠᠨ ᠤᠨᠤᠰᠢᠯᠠᠬᠤ ᠶᠢ ᠠᠬᠢᠭᠤᠯᠤᠨ᠎ᠠ ᠭᠡᠵᠦ ᠳᠤᠳᠤᠷᠬᠠᠶᠢᠯᠠᠪᠠ᠃

    《ᠮᠡᠳᠡᠭᠳᠡᠯ》ᠳ᠋ᠤ ᠂ ᠡᠯ᠎ᠡ ᠱᠠᠳᠤᠨ ᠤ ᠠᠯᠪᠠᠨ ᠡᠴᠡ ᠡᠷᠬᠢᠯᠡᠭᠰᠡᠨ ᠡᠮᠨᠡᠯᠭᠡ ᠵᠢᠨ ᠬᠤᠷᠢᠶ᠎ᠠ ᠲᠤᠰ ᠲᠤᠰ ᠤᠨ ᠡᠪᠡᠳᠴᠢᠨ ᠤ ᠲᠦᠷᠦᠯ ᠢᠶᠡᠷ ᠲᠦᠯᠦᠪᠦᠷᠢ ᠬᠤᠷᠢᠶ᠍ᠠᠬᠤ ᠠᠵᠢᠯ ᠢ ᠭᠡᠷᠡᠭᠵᠢᠬᠦᠯᠬᠦ ᠲᠦᠰᠦᠯ ᠢ ᠬᠢᠨᠠᠮᠠᠭᠠᠢ ᠲᠤᠭᠳᠠᠭᠠᠬᠤ ᠵᠢᠨ ᠵᠡᠷᠭᠡᠪᠡᠷ᠋ ᠵᠤᠬᠢᠶ᠍ᠠᠨ ᠪᠠᠢᠢᠭᠤᠯᠤᠨ ᠭᠡᠷᠡᠭᠵᠢᠬᠦᠯᠵᠦ ᠂ ᠡᠮᠴᠢᠯᠡᠭᠡᠨ ᠤ ᠤᠨᠤᠰᠢᠯᠠᠨ ᠵᠠᠰᠠᠬᠤ ᠠᠷᠭ᠎ᠠ ᠵᠢᠨ ᠬᠠᠮᠢᠶ᠍ᠠᠷᠤᠯᠳᠠ ᠶᠢ ᠲᠡᠬᠦᠯᠳᠡᠷᠵᠢᠬᠦᠯᠵᠦ ᠂ ᠡᠪᠡᠳᠴᠢᠨ ᠤ ᠲᠦᠷᠦᠯ ᠢᠶᠡᠷ ᠰᠦᠢᠳᠬᠡᠯ ᠬᠤᠷᠢᠶ᠍ᠠᠬᠤ ᠶᠢ ᠭᠡᠷᠡᠭᠵᠢᠬᠦᠯᠬᠦ ᠶᠢ ᠵᠦᠪᠰᠢᠶ᠍ᠡᠷᠡᠬᠦ ᠪᠤᠯᠤᠨ ᠬᠦᠴᠦᠨ ᠦᠭᠡᠢ ᠪᠤᠯᠭᠠᠬᠤ ᠲᠤᠭᠳᠠᠴᠠ ᠶᠢ ᠲᠤᠭᠳᠠᠭᠠᠨ ᠲᠡᠬᠦᠯᠳᠡᠷᠵᠢᠬᠦᠯᠵᠦ᠂ ᠡᠪᠡᠳᠴᠢᠳᠡᠨ ᠲᠠᠢ《ᠡᠪᠡᠳᠴᠢᠨ ᠤ ᠲᠦᠷᠦᠯ ᠢᠶᠡᠷ ᠲᠦᠯᠦᠪᠦᠷᠢ ᠬᠤᠷᠢᠶ᠍ᠠᠬᠤ ᠪᠠᠢᠢᠳᠠᠯ ᠢ ᠮᠡᠳᠡᠭᠳᠡᠬᠦ ᠪᠢᠴᠢᠭ᠌》ᠲᠤᠭᠳᠠᠵᠦ᠂ ᠡᠪᠡᠳᠴᠢᠳᠡᠨ ᠤ ᠪᠠᠢᠢᠳᠠᠯ ᠢ ᠤᠶᠢᠯᠠᠭᠠᠵᠤ᠂ ᠡᠮᠨᠡᠯᠭᠡ ᠵᠢᠨ ᠬᠤᠷᠢᠶ᠎ᠠ ᠵᠦᠢ ᠵᠤᠬᠢᠰᠳᠠᠢ ᠤᠨᠤᠰᠢᠯᠠᠨ ᠡᠮᠴᠢᠯᠡᠬᠦ ᠶᠢ ᠪᠠᠲᠤᠯᠠᠬᠤ ᠭᠡᠷᠡᠭᠳᠠᠢ ᠭᠡᠵᠦ ᠱᠠᠭᠠᠷᠳᠠᠵᠡᠢ᠃ 

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120691121690182