蒙古文网站Logo
ᠰᠢᠨᠬᠤᠸᠠ ᠮᠤᠩᠭ᠋ᠤᠯ ᠨᠧᠲ

ᠬᠠᠷᠢᠯᠴᠠᠭ᠎ᠠ ᠬᠠᠮᠳᠤ ᠶᠢᠨ ᠠᠵᠢᠯᠯᠠᠭᠠᠨ ᠳᠤ ᠰᠠᠭᠤᠷᠢᠯᠠᠭᠰᠠᠨ ᠤᠯᠠᠨ ᠤᠯᠤᠰ ᠤᠨ ᠮᠤᠩᠭᠤᠯ ᠡᠮ ᠡᠮᠨᠡᠯᠭᠡ ᠤᠯᠠᠮ ᠰᠢᠨᠡᠴᠢᠯᠡᠨ ᠬᠦᠭ᠍ᠵᠢᠵᠤ ᠪᠠᠶᠢᠨ᠎ᠠ 

2017-09-28 10:48

    ᠰᠢᠨᠬᠤᠧᠠ ᠮᠤᠩᠭᠤᠯ ᠨᠧᠲ   ᠬᠦᠬᠡᠬᠤᠲᠠ ᠶᠢᠨ 9 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ (ᠬ•ᠦᠵᠡᠰᠭᠦᠯᠡᠩ) ᠰᠡᠬᠦᠯ ᠤᠨ ᠵᠢᠯ ᠤᠳ ᠲᠤ᠂ ᠦᠪᠦᠷ ᠮᠤᠩᠭᠤᠯ ᠪᠤᠯᠤᠨ ᠮᠤᠩᠭᠤᠯ ᠤᠯᠤᠰ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠰᠠᠯᠪᠤᠷᠢ ᠶᠢᠨ ᠬᠠᠷᠢᠯᠴᠠᠭ᠎ᠠ ᠨᠢᠬᠲᠠᠷᠠᠵᠤ᠂ ᠵᠢᠯ ᠪᠦᠷᠢ ᠮᠤᠩᠭᠤᠯ ᠡᠮ ᠡᠮᠨᠡᠯᠭᠡ ᠶᠢᠨ ᠲᠤᠰᠬᠠᠢ ᠮᠡᠷᠭᠡᠵᠢᠯᠲᠡᠨ᠂ ᠡᠷᠲᠡᠮᠲᠡᠳ ᠢ ᠲᠤᠮᠢᠯᠠᠨ ᠮᠤᠩᠭᠤᠯ ᠤᠯᠤᠰ ᠲᠤ ᠡᠷᠲᠡᠮ ᠰᠢᠨᠵᠢᠯᠡᠭᠡᠨ ᠤ ᠰᠤᠯᠢᠯᠴᠠᠭ᠎ᠠ ᠠᠯᠪᠠᠨ ᠡᠮᠴᠢᠯᠡᠭᠡ ᠪᠠ ᠲᠤᠬᠠᠶᠢᠯᠠᠭᠰᠠᠨ ᠮᠡᠷᠭᠡᠵᠢᠯ ᠤᠨ ᠵᠢᠯᠤᠭᠤᠲᠤᠯᠭ᠎ᠠ ᠬᠠᠩᠭᠠᠵᠤ ᠬᠤᠶᠠᠷ ᠤᠷᠤᠨ ᠤ ᠨᠦᠬᠦᠷᠰᠡᠭ ᠬᠠᠷᠢᠯᠴᠠᠭᠠᠨ ᠳ᠋ᠤ ᠬᠦᠦᠷ ᠪᠤᠯᠤᠭᠰᠠᠭᠠᠷ ᠢᠷᠡᠵᠡᠢ᠃

    ᠲᠤᠮᠲᠠᠲᠤ ᠮᠤᠩᠭᠤᠯ ᠤᠨ ᠬᠤᠶᠠᠲᠤᠭᠠᠷ ᠤᠲᠠᠭᠠᠨ ᠤ ᠦᠵᠡᠰᠬᠦᠯᠡᠩ ᠤᠨ ᠦᠶ᠌᠎᠎ᠠ ᠪᠡᠷ ᠤᠯᠠᠨ ᠤᠯᠤᠰ ᠤᠨ ᠮᠤᠩᠭᠤᠯ ᠡᠮ ᠡᠮᠨᠡᠯᠭᠡ ᠶᠢᠨ ᠰᠢᠨᠡᠴᠢᠯᠡᠯᠲᠡ ᠪᠠ ᠬᠦᠭ᠍ᠵᠢᠯᠲᠠ ᠶᠢᠨ ᠹᠤᠷᠦ᠋ᠮ ᠵᠤᠬᠢᠶᠠᠨ ᠪᠠᠶᠢᠭᠤᠯᠤᠭᠳᠠᠪᠠ᠃ ᠹᠤᠷᠦ᠋ᠮ  ᠳ᠋ᠤ ᠮᠤᠩᠭᠤᠯ ᠤᠯᠤᠰ᠂ ᠤᠷᠤᠰ᠂ ᠶᠠᠫᠤᠨ ᠵᠡᠷᠭᠡ ᠬᠦᠷᠦᠨ ᠤ ᠤᠯᠠᠮᠵᠢᠯᠠᠯᠲᠤ ᠡᠮ ᠡᠮᠨᠡᠯᠭᠡ ᠶᠢᠨ ᠴᠠᠷᠠᠭ᠎ᠠ ᠬᠦᠷᠢᠶᠠᠨ ᠳ᠋ᠡᠬᠢ ᠬᠠᠮᠢᠶᠠᠲᠠᠢ ᠡᠷᠲᠡᠮᠲᠡᠨ ᠮᠡᠷᠭᠡᠵᠢᠯᠲᠡᠳ᠂ ᠪᠡᠭᠡᠵᠢᠩ᠂ ᠱᠠᠩᠬᠠᠢ᠂ ᠭᠤᠧᠠᠩᠳᠦ᠋ᠩ᠂ ᠯᠢᠶᠤᠤᠨᠢᠩ᠂ ᠭᠢᠷᠢᠨ᠂ ᠬᠠᠷᠠᠮᠦ᠋ᠷᠡᠨ᠂ ᠬᠤᠪᠧᠢ᠂ ᠭᠠᠨᠰᠦ᠂ ᠰᠢᠨᠵᠢᠶᠠᠩ᠂ ᠦᠪᠦᠷ ᠮᠤᠩᠭᠤᠯ ᠵᠡᠷᠭᠡ 10 ᠮᠤᠵᠢ ᠬᠤᠲᠠ ᠦᠪᠡᠷᠲᠡᠭᠡᠨ ᠵᠠᠰᠠᠬᠤ ᠤᠷᠤᠨ ᠤ ᠲᠤᠰᠬᠠᠢ ᠮᠡᠷᠭᠡᠵᠢᠯᠲᠡᠨ᠂ ᠰᠤᠲᠤᠯᠤᠭᠠᠴᠢ ᠪᠠ ᠮᠤᠩᠭᠤᠯ ᠡᠮ ᠡᠮᠨᠡᠯᠭᠡ ᠶᠢᠨ ᠠᠵᠢᠯᠲᠠᠨ ᠤᠷᠤᠯᠴᠠᠵᠠᠢ᠃

    ᠮᠤᠩᠭᠤᠯ ᠤᠯᠤᠰ ᠡᠴᠡ ᠬᠦᠷᠦᠯᠴᠡᠨ ᠢᠷᠡᠵᠦ ᠡᠨᠡᠬᠦ ᠹᠤᠷᠦ᠋ᠮ ᠳ᠋ᠤ ᠤᠷᠤᠯᠴᠠᠭᠰᠠᠨ ᠮᠤᠩᠭᠤᠯ ᠤᠯᠤᠰ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠶᠢᠨ ᠰ•ᠰᠡᠰᠡᠷᠡᠭᠲᠤᠷᠵᠢ ᠹᠤᠷᠦ᠋ᠮ ᠵᠤᠬᠢᠶᠠᠨ ᠪᠠᠶᠢᠭᠤᠯᠵᠤ ᠪᠠᠶᠢᠭ᠎ᠠ ᠶᠢ ᠦᠨᠳᠦᠷ ᠦᠨᠡᠯᠡᠵᠤ ᠰᠡᠳᠭᠢᠭ᠍ᠲᠡᠯ ᠢᠶᠡᠨ ᠬᠤᠪᠢᠶᠠᠯᠴᠠᠯ᠎ᠠ᠃ ᠲᠡᠷᠡᠪᠡᠷ᠂ ᠲᠤᠮᠲᠠᠲᠤ ᠮᠤᠩᠭᠤᠯ ᠤᠨ ᠦᠵᠡᠰᠬᠦᠯᠡᠩ ᠳ᠋ᠤ ᠬᠤᠶᠡᠳᠡᠬᠢ ᠤᠲᠠᠭ᠎ᠠ ᠪᠠᠨ ᠤᠷᠤᠯᠴᠠᠵᠤ ᠪᠠᠶᠢᠨ᠎ᠠ᠂ 2015 ᠤᠨ ᠳ᠋ᠤ ᠶᠠᠪᠤᠭᠲᠠᠭᠰᠠᠨ ᠲᠤᠮᠲᠠᠲᠤ ᠮᠤᠩᠭᠤᠯ ᠤᠨ ᠠᠩᠬᠠᠲᠤᠭᠠᠷ ᠤᠲᠠᠭᠠᠨ ᠤ ᠦᠵᠡᠰᠬᠦᠯᠡᠩ ᠤᠨ ᠦᠶ᠎ᠠ ᠪᠡᠷ ᠡᠮ ᠡᠮᠨᠡᠯᠭᠡ ᠶᠢᠨ ᠰᠠᠯᠪᠤᠷᠢ ᠳ᠋ᠤ ᠪᠠᠲᠤᠯᠭᠠᠵᠢᠭᠤᠯᠤᠭᠰᠠᠨ ᠬᠡᠯᠡᠯᠴᠡᠭᠡᠷ ᠲᠦᠰᠦᠯ ᠠᠮᠵᠢᠯᠲᠠ ᠲᠠᠢ ᠬᠡᠷᠡᠭᠵᠢᠬᠦᠯᠦᠭᠲᠡᠵᠦ᠂ ᠦᠷ᠎ᠠ ᠰᠢᠮ᠎ᠡ ᠨᠢ ᠲᠡᠯᠭᠡᠷᠡᠭᠰᠡᠨ ᠪᠠᠶᠢᠲᠠᠭ᠃ ᠤᠨᠴᠠᠭᠠᠶᠢᠯᠠᠨ ᠮᠤᠩᠭᠤᠯ ᠡᠮ ᠡᠮᠨᠡᠯᠭᠡ ᠶᠢᠨ ᠰᠠᠯᠪᠤᠷᠢ ᠶᠢᠨ ᠡᠷᠲᠡᠮ ᠰᠢᠨᠵᠢᠯᠡᠭᠡ᠂ ᠡᠮᠴᠢᠯᠡᠭᠡ ᠶᠢᠨ ᠬᠠᠮᠲᠤ ᠶᠢᠨ ᠠᠵᠢᠯᠯᠠᠭ᠎ᠠ ᠡᠷᠴᠢᠮ ᠲᠠᠢ ᠶᠠᠪᠤᠭᠲᠠᠵᠤ ᠠᠰᠤᠷᠤ ᠶᠡᠬᠡ ᠦᠭᠭᠦᠭᠡᠵᠢ ᠲᠠᠢ ᠪᠤᠯᠵᠠᠢ᠃ ᠮᠦᠨ ᠲᠤᠰ ᠤᠲᠠᠭᠠᠨ ᠤ ᠹᠤᠷᠦ᠋ᠮ ᠤᠯᠠᠨ ᠤᠯᠤᠰ ᠤᠷᠤᠨ ᠤ ᠤᠯᠠᠮᠵᠢᠯᠠᠲᠤ ᠠᠨᠠᠭᠠᠬᠤ ᠤᠬᠠᠭᠠᠨ ᠤ ᠡᠷᠲᠡᠮᠲᠡᠨ ᠮᠡᠷᠭᠡᠵᠢᠯᠲᠡᠨ ᠤᠷᠤᠯᠴᠠᠭᠰᠠᠨ ᠢᠶᠡᠷ ᠢᠶᠡᠨ ᠦᠷᠭᠡᠨ ᠲᠡᠯᠭᠡᠷ ᠴᠢᠨᠠᠷ ᠲᠠᠢ ᠪᠤᠯᠵᠤ᠂ ᠮᠠᠰᠢ ᠶᠡᠬᠡ ᠰᠤᠨᠢᠷᠬᠠᠯᠲᠠᠢ᠂ ᠤᠯᠠᠨ ᠬᠦᠮᠦᠰ ᠤᠨ ᠠᠩᠬᠠᠷᠤᠯ ᠢ ᠲᠠᠲᠠᠵᠤ ᠪᠠᠶᠢᠨ᠎ᠠ ᠭᠡᠵᠡᠢ᠃

    ᠰ•ᠰᠡᠰᠡᠷᠡᠭᠲᠤᠷᠵᠢ ᠦᠪᠦᠷ ᠮᠤᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠡᠦ ᠴᠢ ᠱᠢ ᠰᠠᠨ ᠵᠡᠷᠭᠡ ᠡᠷᠲᠡᠮᠲᠡᠳ ᠲᠠᠢ ᠬᠠᠮᠲᠤᠪᠡᠷ 《ᠶᠤᠧᠠᠨ ᠭᠦᠷᠦᠨ ᠤ ᠬᠠᠭᠠᠨ ᠤ ᠤᠷᠲᠤᠨ ᠤ ᠢᠲᠡᠭᠡᠨ ᠤᠮᠲᠠᠭᠠᠨ  ᠬᠠᠷᠢᠭᠤᠴᠠᠭᠰᠠᠨ ᠲᠦᠰᠢᠮᠡᠯ ᠬᠦᠰᠡᠭᠦᠢ ᠶᠢ ᠰᠤᠲᠤᠯᠤᠭᠰᠠᠨ ᠨᠢ》ᠲᠦᠰᠦᠯ ᠤᠨ ᠲᠠᠭᠠᠤ ᠬᠠᠮᠲᠤᠷᠠᠵᠤ ᠠᠵᠢᠯᠯᠠᠭᠰᠠᠨ ᠪᠦᠭᠡᠳ ᠳᠤᠭᠤᠷᠪᠢᠭᠰᠠᠨ ᠦᠬᠦᠯᠡᠯ ᠨᠢ ᠲᠤᠰ ᠤᠲᠠᠭᠠᠨ ᠤ ᠹᠤᠷᠦ᠋ᠮ ᠳ᠋ᠤ ᠰᠢᠯᠢᠲᠡᠭ ᠦᠬᠦᠯᠡᠯ ᠢᠶᠡᠷ ᠰᠢᠯᠭᠠᠷᠠᠭᠤᠯᠤᠭᠲᠠᠭᠰᠠᠨ ᠪᠠᠶᠢᠨ᠎ᠠ᠃ ᠤᠶᠢᠯᠠᠭᠠᠭᠰᠠᠨ ᠢᠶᠡᠷ ᠲᠤᠰ ᠦᠭᠦᠯᠡᠯ ᠨᠢ ᠬᠦᠰᠡᠬᠦᠢ ᠶᠢ ᠶᠤᠧᠠᠨ ᠭᠦᠷᠦᠨ ᠤ ᠬᠠᠭᠠᠨ ᠤ ᠤᠷᠲᠤᠨ ᠤ ᠢᠲᠡᠭᠡᠨ ᠤᠮᠲᠠᠭᠠᠨ ᠢ ᠬᠠᠷᠢᠭᠤᠴᠠᠭᠰᠠᠨ ᠡᠮᠴᠢ᠂ ᠲᠦᠰᠢᠮᠡᠯ ᠪᠦᠭᠡᠳ《ᠢᠲᠡᠭᠡᠨ ᠤᠮᠲᠠᠭᠠᠨ ᠤ ᠵᠢᠩᠭᠢᠨᠢ ᠲᠤᠪᠴᠢ》 ᠶᠢ ᠪᠢᠴᠢᠵᠦ ᠬᠡᠪᠯᠡᠬᠦᠯᠬᠦ ᠶᠢ ᠠᠩᠬᠠᠯᠠᠨ ᠰᠠᠨᠠᠭᠠᠴᠢᠯᠠᠵᠤ ᠲᠡᠷᠢᠬᠦᠯᠡᠨ ᠤᠷᠤᠯᠴᠠᠵᠤ ᠲᠤᠰ ᠪᠦᠲᠦᠭᠡᠯ ᠢ ᠪᠢᠴᠢᠵᠤ ᠲᠠᠭᠤᠰᠬᠠᠭᠠᠳ ᠡᠵᠡᠨ ᠬᠠᠭᠠᠨ ᠳ᠋ᠠᠭᠠᠨ ᠦᠪᠡᠷ ᠢᠶᠡᠨ ᠡᠷᠭᠦᠨ ᠪᠠᠷᠢᠭᠰᠠᠨ ᠬᠦᠮᠦᠨ; ᠬᠦᠰᠡᠭᠦᠢ ᠬᠠᠭᠠᠨ ᠤ ᠤᠷᠲᠤᠨ ᠳ᠋ᠤ ᠤᠲᠠᠭᠠᠨ ᠵᠢᠯ ᠠᠵᠢᠯᠯᠠᠭᠰᠠᠨ ᠢᠲᠡᠭᠡᠯ ᠬᠦᠯᠢᠶᠡᠭᠰᠡᠨ᠂ ᠢᠲᠡᠭᠡᠨ ᠤᠮᠲᠠᠭᠠᠨ ᠤ ᠭᠠᠷᠮᠠᠭᠠᠢ ᠮᠡᠷᠭᠡᠵᠢᠯᠲᠡᠨ᠂ ᠬᠢᠲᠠᠳ ᠠᠨᠠᠭᠠᠬᠤ ᠤᠬᠠᠭᠠᠨ ᠤ ᠬᠦᠷᠢᠶᠠᠨ ᠳ᠋ᠤ ᠶᠡᠬᠡ ᠠᠯᠲᠠᠷ ᠨᠡᠷᠡᠲᠡᠢ᠂ ᠲᠦᠰᠢᠮᠡᠯ ᠬᠦᠮᠦᠨ ᠪᠠᠶᠢᠭᠰᠠᠨ; ᠢᠲᠡᠭᠡᠨ ᠤᠮᠲᠠᠭᠠᠨ ᠤ ᠴᠢᠭᠯᠡᠯ ᠢᠶᠡᠷ ᠮᠡᠷᠭᠡᠵᠢᠭᠰᠡᠨ ᠰᠠᠶᠢᠨ ᠰᠤᠲᠤᠯᠤᠭᠠᠴᠢ᠂ ᠠᠵᠢᠭᠴᠢ᠂ ᠬᠦᠳᠡᠯᠮᠦᠷᠢᠴᠢ᠂ ᠤᠶᠤᠨᠯᠢᠭ᠂ ᠠᠨᠠᠭᠠᠬᠤ ᠤᠬᠠᠭᠠᠨ ᠤ ᠴᠢᠭᠯᠡᠯ ᠢᠶᠡᠷ ᠦᠷᠭᠡᠨ ᠮᠡᠲᠡᠯᠭᠡ ᠲᠠᠢ᠂ ᠡᠵᠡᠨ ᠬᠠᠭᠠᠨ ᠳ᠋ᠠᠭᠠᠨ ᠦᠨᠡᠨᠴᠢ᠂ ᠲᠤᠤᠱᠠᠲᠠᠢ ᠬᠦᠨᠳᠦᠳᠭᠡᠯ ᠬᠦᠯᠢᠶᠡᠭᠰᠡᠨ ᠮᠤᠩᠭᠤᠯ ᠲᠦᠰᠢᠮᠡᠯ ᠪᠠᠶᠢᠭᠰᠠᠨ ᠭᠡᠬᠦ ᠳ᠋ᠦᠩᠨᠡᠯᠲᠡ ᠬᠢᠭᠰᠡᠨ ᠢᠶᠡᠷ ᠢᠶᠡᠨ ᠤᠨᠴᠠᠯᠠᠭᠲᠠᠨ᠎ᠠ᠃

    ᠲᠤᠮᠲᠠᠲᠤ ᠮᠤᠩᠭᠤᠯ ᠤᠷᠤᠨ ᠤ ᠡᠨᠡ ᠮᠡᠲᠦ ᠦᠷᠭᠡᠨ ᠬᠡᠮᠵᠢᠶᠠᠨ ᠤ ᠬᠠᠮᠲᠤ ᠶᠢᠨ ᠠᠵᠢᠯᠯᠠᠭ᠎ᠠ ᠨᠢ ᠮᠤᠩᠭᠤᠯ ᠠᠨᠠᠭᠠᠬᠤ ᠤᠬᠠᠭᠠᠨ ᠤ ᠡᠷᠲᠡᠮ ᠰᠢᠨᠵᠢᠯᠡᠭᠡᠨ ᠤ ᠬᠢᠷᠢ ᠲᠦᠪᠰᠢᠨ ᠢ ᠲᠡᠭᠡᠭ᠍ᠰᠢᠯᠡᠬᠦᠯᠦᠭᠰᠡᠨ ᠳᠡᠳᠦᠢ ᠦᠬᠡᠢ ᠮᠤᠩᠭᠤᠯ ᠡᠮ ᠡᠮᠨᠡᠯᠭᠡ ᠪᠡᠷ ᠮᠤᠩᠭᠤᠯ ᠤᠯᠤᠰ ᠤᠨ ᠢᠷᠭᠡᠳ ᠢ ᠲᠤᠰᠠᠯᠠᠬᠤ ᠦᠢᠯᠡᠴᠢᠯᠡᠭᠡ ᠬᠠᠩᠭᠠᠵᠤ᠂ ᠬᠤᠶᠠᠷ ᠤᠷᠤᠨ ᠤ ᠨᠦᠬᠦᠷᠰᠡᠭ ᠬᠠᠷᠢᠯᠴᠠᠭ᠎ᠠ ᠶᠢ ᠤᠯᠠᠮ ᠠᠬᠢᠭᠤᠯᠬᠤ ᠪᠤᠯᠤᠨ᠎ᠠ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121738071