蒙古文网站Logo
ᠰᠢᠨᠬᠤᠸᠠ ᠮᠤᠩᠭ᠋ᠤᠯ ᠨᠧᠲ

ᠤᠯᠠᠨ ᠤᠯᠤᠰ ᠤᠨ ᠮᠤᠩᠭᠤᠯ ᠡᠮ ᠡᠮᠨᠡᠯᠭᠡ ᠶᠢᠨ ᠦᠷ᠎ᠠ ᠪᠦᠲᠦᠭᠡᠯ ᠤᠨ ᠦᠵᠡᠬᠦᠯᠦᠯᠭᠡ ᠲᠡᠯᠭᠡᠭᠲᠡᠯ᠎ᠠ

2017-09-29 15:54

    ᠰᠢᠨᠬᠤᠧᠠ ᠮᠤᠩᠭᠤᠯ ᠨᠧᠲ   ᠬᠦᠬᠡᠬᠤᠲᠠ ᠶᠢᠨ 9 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ (ᠬ •ᠦᠵᠡᠰᠭᠦᠯᠡᠩ) ᠲᠤᠮᠲᠠᠲᠤ ᠮᠤᠩᠭᠤᠯ ᠤᠨ ᠬᠤᠶᠠᠲᠤᠭᠠᠷ ᠬᠤᠭᠤᠴᠠᠭᠠᠨ ᠤ ᠦᠵᠡᠰᠬᠦᠯᠡᠩ ᠤᠨ ᠦᠶ᠎ᠠ ᠪᠡᠷ ᠤᠯᠠᠨ ᠤᠯᠤᠰ ᠤᠨ ᠮᠤᠩᠭᠤᠯ ᠡᠮ ᠡᠮᠨᠡᠯᠭᠡ ᠶᠢᠨ ᠦᠷ᠎᠎ᠡ ᠪᠦᠲᠦᠭᠡᠯ ᠤᠨ ᠦᠵᠡᠬᠦᠯᠦᠯᠭᠡ ᠦᠪᠦᠷ ᠮᠤᠩᠭᠤᠯ ᠤᠨ ᠤᠯᠠᠨ ᠤᠯᠤᠰ ᠤᠨ ᠦᠵᠡᠰᠬᠦᠯᠡᠩ ᠤᠨ ᠲᠦᠪ ᠲᠤ ᠲᠡᠯᠭᠡᠭᠲᠡᠪᠡ᠃

    《ᠨᠢᠭᠡ ᠪᠦᠰᠡ ᠨᠢᠭᠡ ᠵᠠᠮ》 ᠨᠢ ᠮᠤᠩᠭᠤᠯ ᠡᠮ ᠡᠮᠨᠡᠯᠭᠡ ᠶᠢᠨ ᠦᠢᠯᠡᠰ ᠲᠤ ᠬᠦᠭ᠍ᠵᠢᠯᠲᠠ ᠶᠢᠨ ᠰᠢᠨ᠎ᠡ ᠲᠤᠬᠢᠶᠠᠯ ᠤᠯᠭᠤᠵᠤ᠂ ᠲᠡᠯᠡᠬᠡᠢ ᠤᠷᠤᠭᠤ ᠬᠠᠨᠲᠤᠬᠤ ᠳ᠋ᠤᠨᠢ ᠨᠡᠩ ᠶᠡᠬᠡ ᠲᠠᠪᠴᠠᠩ ᠪᠤᠯᠤᠭᠰᠠᠨ ᠪᠠᠶᠢᠲᠠᠭ᠃ ᠰᠡᠬᠦᠯ ᠤᠨ ᠵᠢᠯ ᠤᠳ ᠲᠤ ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ᠂ ᠦᠪᠦᠷ ᠮᠤᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠵᠢᠴᠢ ᠮᠤᠩᠭᠤᠯ ᠤᠯᠤᠰ ᠲᠠᠢ ᠬᠦᠷᠰᠢᠯᠡᠵᠦ ᠪᠦᠬᠦᠢ ᠬᠢᠯᠢ ᠲᠠᠭᠠᠤ ᠡᠮᠨᠡᠯᠭᠡ ᠨᠤᠬᠦᠳ ᠮᠤᠩᠭᠤᠯ ᠤᠯᠤᠰ ᠤᠨ 2 ᠲᠦᠮᠡ ᠭᠠᠷᠤᠢ ᠡᠪᠡᠳᠴᠢᠲᠠᠨ ᠢ ᠡᠮᠨᠡᠨ ᠲᠤᠰᠠᠯᠠᠵᠤ ᠤᠷᠤᠰ᠂ ᠮᠤᠩᠭᠤᠯ ᠵᠡᠷᠭᠡ ᠤᠯᠤᠰ ᠤᠷᠤᠨ ᠤ ᠲᠠᠪᠬᠤᠷᠲᠠᠭᠰᠠᠨ ᠲᠤᠭ᠎ᠠ ᠪᠡᠷ 500 ᠬᠦᠮᠦᠨ ᠤ ᠰᠤᠯᠢᠯᠴᠠᠭᠠᠨ ᠤ ᠪᠠᠭ ᠢ ᠬᠦᠯᠢᠶᠠᠨ ᠵᠤᠴᠢᠯᠠᠪᠠ᠃

    ᠮᠤᠩᠭᠤᠯ ᠤᠯᠤᠰ ᠲᠠᠢ ᠬᠤᠷᠰᠢᠵᠤ ᠪᠦᠬᠦᠢ ᠡᠮᠨᠡᠯᠭᠡ ᠶᠢᠨ 140 ᠭᠠᠷᠤᠢ ᠬᠦᠮᠦᠨ ᠳᠤ ᠲᠦᠯᠦᠪᠦᠷᠢ ᠦᠭᠡᠢ ᠰᠤᠷᠭᠠᠯᠲᠠ ᠬᠦᠷᠲᠡᠭᠡᠵᠦ᠂ 100 ᠭᠠᠷᠤᠢ ᠲᠦᠮᠡᠨ ᠲᠦᠭᠦᠷᠢᠭ ᠤᠨ ᠬᠦᠷᠦᠩᠭᠡ ᠤᠷᠤᠭᠤᠯᠤᠨ ᠮᠤᠩᠭᠤᠯ ᠠᠨᠠᠭᠠᠬᠤ ᠤᠬᠠᠭᠠᠨ ᠤ ᠲᠤᠰᠬᠠᠢ ᠮᠡᠷᠭᠡᠵᠢᠯᠲᠡᠳ ᠢ ᠮᠤᠩᠭᠤᠯ ᠤᠯᠤᠰ ᠲᠤ 15 ᠤᠲᠠᠭᠠᠨ ᠤ ᠲᠤᠭᠤᠷᠢᠨ ᠡᠮᠴᠢᠯᠡᠭᠡ ᠬᠢᠯᠭᠡᠡ ᠮᠤᠩᠭᠤᠯ ᠤᠯᠤᠰ ᠤᠨ 3 ᠲᠦᠮᠡ ᠭᠠᠷᠤᠢ ᠢᠷᠭᠡᠳ ᠲᠤ ᠠᠰᠢᠭ ᠬᠦᠷᠲᠡᠭᠡᠪᠡ᠃

 

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121746126