蒙古文网站Logo
ᠰᠢᠨᠬᠤᠸᠠ ᠮᠤᠩᠭ᠋ᠤᠯ ᠨᠧᠲ

ᠨᠤᠶᠢᠷ ᠰᠠᠶᠢᠲᠠᠢ ᠪᠤᠯᠤᠨ ᠴᠠᠯᠢᠩ ᠦᠨᠳᠦᠷ ᠤᠨ ᠠᠯᠢ ᠨᠢ ᠲᠠᠨ ᠢ ᠨᠡᠩ ᠢᠯᠡᠬᠦᠦ ᠪᠠᠶᠠᠰᠬᠠᠬᠤ ᠪᠤᠢ ?

2017-10-09 17:06

    ᠴᠠᠯᠢᠩ ᠦᠰᠬᠦ ᠪᠠ ᠲᠠᠭᠠᠲᠠᠢ ᠤᠨᠳᠠᠬᠤ ᠬᠤᠶᠠᠷ ᠤᠨ ᠬᠤᠭᠤᠷᠤᠨᠳᠤ ᠡᠴᠡ ᠨᠢᠬᠡ ᠶᠢ ᠰᠤᠩᠭ᠋ᠤᠪᠠᠯ ᠲᠠ ᠠᠯᠢ ᠶᠢ ᠨᠢ ᠰᠤᠩ᠋ᠭᠤᠬᠤ ᠪᠤᠢ ? ᠠᠩᠭ᠍ᠯᠢ ᠶᠢᠨ ᠨᠢᠬᠡᠨ ᠪᠠᠶᠢᠴᠠᠭᠠᠯᠲᠠ ᠶᠢᠨ ᠳ᠋ᠦᠩ ᠳᠤ᠂ ᠬᠡᠷᠪᠡ ᠲᠠ ᠵᠤᠯ ᠵᠢᠷᠭᠠᠯ ᠲᠠᠢ ᠪᠠᠶᠢᠬᠤ ᠶᠢ ᠴᠢᠬᠤᠯᠠᠴᠢᠯᠠᠳᠠᠭ ᠶᠤᠮ ᠪᠤᠯ ᠬᠠᠮᠤᠭ ᠤᠨ ᠰᠠᠶᠢᠨ ᠨᠢ ᠲᠠᠭᠠᠲᠠᠢ ᠤᠨᠳᠠᠬᠤ ᠶᠢ ᠰᠤᠩ᠋ᠭᠤᠪᠠᠯ ᠵᠣᠬᠢᠨ᠎ᠠ ᠬᠡᠵᠡᠢ᠃

    ᠤᠺᠰᠹᠤᠷᠳ᠋ ᠤᠨ ᠡᠳ᠋ ᠤᠨ ᠵᠠᠰᠠᠭ ᠤᠨ ᠯᠠᠪᠯᠠᠨ ᠠᠰᠠᠭᠤᠬᠤ ᠬᠤᠷᠢᠶ᠎ᠠ ᠪᠤᠯᠤᠨ ᠤᠯᠤᠰ ᠳᠠᠶᠠᠭᠠᠷ ᠤᠨ ᠨᠡᠶᠢᠬᠡᠮ ᠤᠨ ᠰᠤᠳᠤᠯᠭᠠᠨ ᠤ ᠲᠦᠪ 8250 ᠠᠩᠭ᠍ᠯᠢ ᠶᠢᠨ ᠨᠠᠰᠤᠨ ᠳᠤ ᠬᠦᠷᠦᠭᠰᠡᠳ ᠡᠴᠡ ᠶᠠᠮᠠᠷᠰᠢᠤ ᠶᠠᠪᠤᠳᠠᠯ ᠨᠢ ᠲᠡᠳᠡᠨᠦᠰ ᠢ ᠪᠠᠶᠠᠰᠬᠠᠳᠠᠭ ᠢ ᠤᠶᠢᠯᠠᠭᠠᠬᠰᠠᠨ ᠪᠠᠶᠢᠨ᠎ᠠ᠃ ᠪᠠᠶᠢᠴᠠᠭᠠᠯᠲᠠ ᠳᠤ ᠬᠡᠷᠡᠴᠢᠯᠡᠭᠰᠡᠨ ᠨᠢ᠂ ᠤᠷᠤᠯᠭ᠎ᠠ ᠶᠢᠨ ᠠᠷᠪᠢᠨ ᠴᠥᠬᠡᠨ ᠨᠢ ᠵᠤᠯ ᠵᠢᠷᠭᠠᠯ ᠲᠠᠢ ᠳᠡᠮᠡᠢ ᠬᠤᠯᠪᠤᠭ᠎ᠠ ᠦᠬᠡᠢ᠂ ᠤᠷᠤᠯᠭ᠎ᠠ 50% ᠪᠡᠷ ᠨᠡᠮᠡᠭᠳᠡᠪᠡᠯ ᠲᠦᠷ ᠵᠠᠭᠤᠷ᠎ᠠ ᠯᠠ ᠵᠤᠯ ᠵᠢᠷᠭᠠᠯ ᠲᠠᠢ ᠰᠠᠨᠠᠭᠳᠠᠳᠠᠭ᠂ ᠬᠠᠷᠢᠨ ᠲᠠᠭᠠᠲᠠᠢ ᠤᠨᠳᠠᠬᠤ ᠪᠤᠯ ᠪᠠᠶᠠᠷᠲᠤ ᠠᠮᠢᠳᠤᠷᠠᠯ ᠤᠨ ᠬᠠᠮᠤᠭ ᠤᠨ ᠴᠢᠬᠤᠯᠠ ᠨᠦᠬᠦᠴᠡᠯ ᠪᠤᠯᠬᠤ ᠶᠤᠮ᠃ 60% ᠡᠴᠡ ᠳᠡᠭᠡᠭ᠍ᠰᠢᠬᠢ ᠵᠤᠯ ᠵᠢᠷᠭᠠᠯ ᠲᠠᠢ ᠠᠮᠢᠳᠤᠷᠠᠵᠤ ᠪᠠᠶᠢᠨ᠎ᠠ ᠬᠡᠰᠡᠨ ᠬᠦᠮᠦᠰ ᠪᠦᠷ ᠨᠤᠶᠢᠷ ᠰᠠᠶᠢᠲᠠᠢ᠃ ᠡᠬᠦᠨ ᠡᠴᠡ ᠭᠠᠳᠠᠨ᠎ᠠ᠂ ᠨᠦᠬᠦᠷ ᠬᠡᠷᠬᠡᠢ ᠶᠢᠨ ᠠᠮᠢᠳᠤᠷᠠᠯ᠂ ᠬᠦᠷᠰᠢ ᠰᠠᠭᠠᠬᠠᠯᠲᠠ ᠶᠢᠨ ᠬᠠᠷᠢᠯᠴᠠᠭ᠎ᠠ ᠡᠶ᠎ᠠ ᠨᠠᠶᠢᠷ ᠲᠠᠢ᠂ ᠰᠡᠯᠡᠭᠦᠴᠡᠬᠦ᠂ ᠬᠡᠷ ᠪᠦᠯᠢ ᠲᠠᠢ ᠪᠠᠨ ᠬᠠᠮᠲᠤ ᠬᠤᠭᠤᠯᠠ ᠢᠳᠡᠬᠦ᠂ ᠨᠦᠬᠦᠳ ᠨᠠᠶᠢᠵᠡ ᠲᠠᠢ ᠪᠡᠨ ᠦᠵᠡᠯ ᠪᠤᠳᠤᠯ ᠢᠶᠡᠨ ᠰᠣᠯᠢᠯᠴᠠᠬᠤ ᠨᠢ ᠬᠦᠮᠦᠰ ᠲᠤ ᠴᠦᠮ ᠵᠣᠯ ᠵᠢᠷᠭᠠᠯ ᠡᠳ᠋ᠯᠡᠬᠦᠯᠵᠦ ᠴᠢᠳᠠᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121775721