蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ 2020 ᠤᠨ ᠪᠤᠯᠬᠤ ᠳᠤ ᠳᠠᠩᠰᠠ ᠪᠠᠶᠢᠭᠤᠯᠤᠨ ᠺᠠᠷᠲ ᠠᠪᠤᠭᠰᠠᠨ ᠴᠠᠭᠠᠨ ᠬᠠᠷᠠᠩ ᠡᠪᠡᠳᠴᠢᠲᠠᠨ ᠢ ᠲᠦᠯᠦᠪᠦᠷᠢ ᠦᠬᠡᠢ ᠪᠡᠷ ᠪᠦᠬᠦᠨ ᠢ ᠡᠮᠨᠠᠨ ᠵᠠᠰᠠᠨ᠎ᠠ

2017-10-12 11:18

    ᠤᠯᠤᠰ ᠤᠨ ᠡᠷᠡᠭᠦᠯ ᠡᠩᠬᠡ ᠪᠡᠷ ᠶᠠᠳᠠᠭᠤ ᠶᠢ ᠳᠡᠳᠭᠦᠭᠦ ᠠᠵᠢᠯ ᠤᠨ ᠱᠠᠭᠠᠷᠳᠠᠯᠭ᠎ᠠ ᠪᠠ ᠥᠪᠡᠷᠲᠡᠬᠡᠨ ᠵᠠᠰᠬᠠᠤ ᠤᠷᠤᠨ ᠤ ᠶᠠᠳᠠᠭᠤ ᠡᠴᠡ ᠠᠩᠬᠢᠵᠢᠷᠠᠭᠤᠯᠬᠤ ᠰᠢᠪᠲᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠬᠦᠨᠵᠡᠭᠡᠢ ᠨᠠᠶᠢᠳᠠᠪᠤᠷᠢᠵᠢᠭᠤᠯᠬᠤ ᠶᠢᠨ ᠲᠤᠰᠠᠲᠠ᠂ ᠤᠶᠢᠷ᠎ᠠ ᠳᠤ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠵᠦᠪᠯᠡᠯ᠂ ᠶᠠᠳᠠᠭᠤ ᠶᠢ ᠳᠡᠳᠭᠦᠭᠦ ᠠᠯᠪᠠᠨ ᠬᠡᠷ ᠬᠠᠮᠳᠤᠷᠠᠨ《<ᠶᠠᠳᠠᠭᠤ ᠶᠢ ᠳᠡᠳᠭᠦᠭᠦ ᠬᠡᠬᠡᠨ ᠰᠠᠷᠠᠭᠤᠯ ᠢᠨᠵᠧᠨᠧᠷᠢᠩ>  ᠬᠡᠷᠡᠭᠵᠢᠬᠦᠯᠬᠦ ᠲᠦᠰᠦᠯ》 ᠢ ᠲᠤᠭᠳᠠᠭᠠᠵᠤ᠂ ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠵᠦᠪᠯᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠭᠦᠭᠦ ᠠᠯᠪᠠᠨ ᠬᠡᠷ ᠡᠴᠡ ᠬᠠᠷᠭᠤᠭᠤᠯᠤᠨ ᠵᠦᠪᠰᠢᠶᠡᠷᠡᠭᠰᠡᠨ ᠳᠠᠩᠰᠠ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠠᠢ ᠴᠠᠭᠠᠨ ᠬᠠᠷᠠᠩ ᠡᠪᠡᠳᠴᠢᠲᠠᠨ ᠢ ᠲᠦᠯᠦᠪᠦᠷᠢ ᠦᠬᠡᠢ ᠪᠡᠷ ᠡᠮᠨᠡᠨ ᠵᠠᠰᠠᠬᠤ ᠪᠡᠷ ᠳᠠᠮᠵᠢᠨ ᠥᠪᠡᠷᠲᠡᠬᠡᠨ ᠵᠠᠰᠬᠠᠤ ᠤᠷᠤᠨ ᠤ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠡᠷᠡᠬᠦᠯ ᠮᠡᠨᠲᠤ ᠶᠢᠨ ᠬᠢᠷᠢ ᠲᠦᠪᠰᠢᠨ ᠢ ᠳᠡᠭᠡᠭ᠍ᠰᠢᠯᠡᠬᠦᠯᠬᠦ ᠪᠤᠯᠤᠨ᠎ᠠ᠃

    ᠬᠡᠷᠡᠭᠵᠢᠬᠦᠯᠬᠦ ᠲᠦᠰᠦᠯ ᠳᠤ ᠳᠤᠳᠤᠷᠬᠠᠶᠢᠯᠠᠬᠰᠠᠨ ᠢᠶᠡᠷ᠂ ᠡᠨᠡᠬᠦ ᠠᠵᠢᠯᠯᠠᠭ᠎ᠠ ᠶᠢ 2017 ᠤᠨ ᠤ 11 ᠳ᠋ᠤᠭᠡᠷ ᠰᠠᠷ᠎ᠠ ᠡᠴᠡ 2019 ᠤᠨ ᠤ 11 ᠳ᠋ᠤᠭᠡᠷ ᠰᠠᠷ᠎ᠠ ᠶᠢᠨ ᠬᠤᠭᠤᠷᠤᠨᠳᠤ ᠦᠷᠨᠢᠬᠦᠯᠦᠨ᠎ᠠ᠂ 2020 ᠤᠨ ᠪᠤᠯᠬᠤ ᠳᠤ ᠥᠪᠡᠷᠲᠡᠬᠡᠨ ᠵᠠᠰᠠᠬᠤ ᠤᠷᠤᠨ ᠤ ᠳᠠᠩᠰᠠ ᠪᠠᠶᠢᠭᠤᠯᠤᠨ ᠺᠠᠷᠲ ᠠᠪᠤᠭᠰᠠᠨ ᠴᠠᠭᠠᠨ ᠬᠠᠷᠠᠩ ᠡᠪᠡᠳᠴᠢᠲᠠᠨ ᠢ ᠲᠦᠯᠦᠪᠦᠷᠢ ᠦᠬᠡᠢ ᠪᠡᠷ ᠠᠮᠨᠠᠨ ᠵᠠᠰᠠᠬᠤ ᠶᠢ ᠪᠦᠬᠦ ᠲᠠᠯ᠎ᠠ ᠪᠡᠷ ᠪᠦᠷᠬᠦᠬᠦᠯᠬᠦ ᠶᠢᠨ ᠬᠠᠮᠲᠤ ᠤᠷᠳᠤ ᠬᠤᠭᠤᠴᠠᠭᠠᠨ ᠤ ᠦᠷ᠎ᠠ ᠪᠦᠲᠦᠮᠵᠢᠲᠠᠢ ᠲᠤᠭᠳᠠᠴᠠ ᠶᠢ ᠪᠠᠶᠢᠭᠤᠯᠤᠨ᠎ᠠ᠃ ᠨᠦᠬᠦᠴᠡᠯ ᠲᠠᠢ ᠭᠠᠵᠠᠷ ᠤᠷᠤᠨ ᠨᠢ ᠪᠤᠳᠠᠳᠤ ᠬᠡᠷᠡᠭᠴᠡᠭᠡ ᠱᠠᠭᠠᠷᠳᠠᠯᠭ᠎ᠠ ᠪᠠ ᠡᠮᠴᠢᠯᠡᠬᠡᠨ ᠤ ᠥᠢᠯᠡᠴᠢᠯᠡᠬᠡ ᠵᠢᠴᠢ ᠪᠠᠲᠤᠯᠠᠭᠠᠨ ᠤ ᠬᠢᠷᠢ ᠬᠡᠮᠵᠢᠶ᠎ᠠ ᠲᠠᠢ ᠪᠡᠨ ᠤᠶᠠᠯᠳᠤᠭᠤᠯᠤᠨ ᠡᠮᠴᠢᠯᠡᠬᠦᠯᠬᠦ ᠬᠦᠮᠦᠰ ᠤᠨ ᠬᠦᠷᠢᠶ᠎ᠠ ᠬᠡᠪᠴᠢᠶ᠎ᠠ ᠶᠢ ᠦᠷᠭᠡᠳᠭᠡᠵᠤ ᠪᠤᠯᠤᠨ᠎ᠠ᠃

ᠢᠷᠡᠯᠳᠡ᠄ ᠥᠪᠦᠷ ᠮᠣᠩᠭ᠋ᠤᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121791872