蒙古文网站Logo
ᠰᠢᠨᠬᠤᠸᠠ ᠮᠤᠩᠭ᠋ᠤᠯ ᠨᠧᠲ

《ᠲᠡᠭᠷᠢ ᠶᠢᠨ ᠡᠯᠴᠢ ᠶᠢᠨ ᠠᠶᠠᠯᠠᠯ》 ᠤ᠋ᠨ ᠮᠤᠩᠭᠤᠯ ᠤᠯᠤᠰ ᠤᠨ ᠠᠩᠬᠠᠨ ᠤ ᠪᠦᠯᠦᠭ 12 ᠬᠡᠤᠭᠡᠳ ᠦᠪᠦᠷ ᠮᠤᠩᠭᠤᠯ ᠳᠤ ᠡᠮᠴᠢᠯᠡᠬᠡ ᠬᠦᠯᠢᠶᠡᠪᠡ

2017-10-12 18:20

    ᠰᠢᠨᠬᠤᠧᠠ ᠮᠣᠩᠭᠤᠯ ᠨᠧᠲ  ᠬᠦᠬᠡᠬᠤᠲᠠ ᠶᠢᠨ 10 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ (ᠪᠠᠢ ᠯᠢᠩ ᠳ᠋ᠢ) ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠌ ᠪᠤᠯᠤᠨ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠌ ᠡᠴᠡ ᠬᠠᠮᠳᠤᠷᠠᠨ ᠵᠤᠬᠢᠶᠠᠨ ᠪᠠᠶᠢᠭᠤᠯᠤᠭᠰᠠᠨ《ᠲᠡᠭᠷᠢ ᠶᠢᠨ ᠡᠯᠴᠢ ᠶᠢᠨ ᠠᠶᠠᠯᠠᠯ — <ᠨᠢᠬᠡ ᠪᠦᠰᠡ ᠨᠢᠬᠡ ᠵᠠᠮ >ᠬᠡᠤᠬᠡᠳ ᠤᠨ ᠬᠦᠨᠳᠤ ᠡᠪᠡᠳᠴᠢᠨ ᠤ ᠬᠦᠮᠦᠯᠢᠭ ᠠᠪᠤᠷᠠᠯᠲᠠ ᠶᠢᠨ ᠲᠦᠯᠦᠪᠯᠡᠬᠡᠨ ᠤ ᠮᠣᠩᠭᠤᠯ ᠤᠯᠤᠰ ᠲᠡᠬᠢ ᠠᠵᠢᠯᠯᠠᠭ᠎ᠠ》 ᠳᠤ ᠬᠠᠮᠤᠷᠤᠭᠳᠠᠭᠰᠠᠨ ᠮᠤᠩᠭᠤᠯ ᠤᠯᠤᠰ ᠤᠨ ᠲᠦᠷᠦᠯᠬᠢ ᠵᠢᠷᠦᠬᠡᠨ ᠤ ᠡᠪᠡᠳᠴᠢᠨ ᠲᠠᠢ 12 ᠬᠡᠤᠭᠡᠳ 12 ᠤᠨ ᠡᠳᠦᠷ ᠡᠴᠡ ᠡᠬᠢᠯᠡᠨ ᠦᠪᠦᠷ ᠮᠤᠩᠭᠤᠯ ᠳᠤ ᠡᠮᠴᠢᠯᠡᠬᠡ ᠬᠦᠯᠢᠶᠡᠪᠡ᠃

    《ᠪᠢᠳᠡ ᠦᠷᠯᠦᠬᠡᠨ ᠤ 8᠄ 00 ᠴᠠᠭ ᠡᠴᠡ ᠡᠬᠢᠯᠡᠨ ᠬᠠᠭᠠᠯᠭ᠎ᠠ ᠬᠢᠬᠦ ᠪᠡᠷ ᠪᠡᠯᠡᠳᠬᠡᠵᠤ᠂ ᠤᠳᠤ ᠪᠤᠯᠬᠤ ᠳᠤ ᠬᠤᠶᠠᠳᠡᠬᠢ ᠬᠡᠦᠬᠡᠳ ᠤᠨ ᠬᠠᠭᠠᠯᠭ᠎ᠠ ᠬᠢᠵᠤ ᠲᠠᠭᠤᠰᠤᠮᠠᠷ ᠪᠤᠢ᠂ ᠨᠢᠬᠡᠳᠡᠬᠢ ᠬᠡᠦᠬᠡᠳ ᠤᠳᠤᠬᠠᠨ ᠳᠤ ᠬᠦᠨᠳᠤ ᠡᠪᠡᠳᠴᠢᠳᠡᠨ ᠤ ᠬᠢᠨᠠᠨ ᠠᠵᠢᠬᠯᠠᠬᠤ ᠦᠷᠦᠬᠡᠨ ᠳᠤ ᠪᠤᠢ᠃ ᠬᠤᠶᠠᠷ ᠬᠡᠦᠬᠡᠳ ᠲᠤ ᠬᠢᠭ᠍ᠰᠡᠨ ᠬᠠᠭᠠᠯᠭ᠎ᠠ ᠪᠦᠷ ᠮᠠᠰᠢ ᠠᠮᠵᠢᠯᠳᠠ ᠲᠠᠢ᠂ 11᠄ 00 ᠴᠠᠬ ᠡᠴᠡ ᠡᠬᠢᠯᠡᠨ ᠪᠢᠳᠡ ᠭᠤᠷᠪᠠᠳᠡᠬᠢ ᠬᠡᠦᠬᠡᠳ ᠲᠤ ᠬᠠᠭᠠᠯᠭ᠎ᠠ ᠬᠢᠬᠦ ᠪᠡᠷ ᠪᠤᠢ᠂ ᠲᠦᠯᠦᠪᠯᠡᠬᠡ ᠶᠤᠰᠤᠭᠠᠷ ᠦᠨᠦᠳᠤᠷ 4 ᠬᠡᠦᠬᠡᠳ ᠲᠤ ᠬᠠᠭᠠᠯᠭ᠎ᠠ ᠬᠢᠨ᠎ᠡ》ᠬᠡᠵᠤ ᠯᠢ ᠸᠸᠢ ᠡᠮᠴᠢ ᠶᠠᠷᠢᠯ᠎ᠠ᠃

    ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠌ ᠪᠤᠯᠤᠨ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠌ ᠬᠠᠮᠲᠤᠷᠠᠨ ᠥᠨᠥ ᠵᠢᠯ ᠤᠨ 8 ᠳ᠋ᠤᠭᠠᠷ ᠰᠠᠷ᠎ᠠ ᠡᠴᠡ ᠮᠣᠩᠭᠤᠯ ᠤᠯᠤᠰ ᠲᠤ ᠲᠦᠷᠦᠯᠬᠢ ᠵᠢᠷᠦᠬᠡᠨ ᠤ ᠡᠪᠡᠳᠴᠢᠨ ᠲᠠᠢ ᠬᠡᠤᠬᠡᠳ ᠢ ᠠᠪᠤᠷᠠᠨ ᠲᠤᠰᠠᠯᠠᠬᠤ ᠠᠵᠢᠯᠯᠠᠭ᠎ᠠ ᠵᠤᠬᠢᠶᠠᠨ ᠪᠠᠶᠢᠭᠤᠯᠬᠤ ᠳ᠋ᠠᠭᠠᠨ᠂ ᠪᠡᠭᠡᠵᠢᠩ ᠤᠨ ᠵᠢᠷᠦᠬᠡᠨ ᠤ ᠡᠪᠡᠳᠴᠢᠨ ᠤ ᠨᠡᠷᠡᠲᠤ ᠮᠡᠷᠭᠡᠵᠢᠯᠲᠠᠨ ᠵᠢᠴᠢ ᠥᠪᠦᠷ ᠮᠣᠩᠭᠤᠯ ᠤᠨ ᠥᠪᠡᠷᠲᠡᠬᠡᠨ ᠵᠠᠰᠠᠬᠤ ᠤᠷᠤᠨ ᠤ ᠠᠷᠠᠳ ᠤᠨ ᠡᠮᠨᠡᠯᠭᠡ ᠶᠢᠨ ᠵᠢᠷᠦᠬᠡᠨ ᠤ ᠡᠮᠨᠡᠯᠭᠡ ᠶᠢᠨ ᠲᠦᠪ ᠤᠨ ᠮᠡᠷᠭᠡᠵᠢᠯᠲᠠᠨ ᠢᠶᠡᠷ ᠪᠦᠷᠢᠯᠳᠦᠭᠰᠡᠨ ᠡᠮᠴᠢᠯᠡᠬᠡᠨ ᠤ ᠪᠠᠭ ᠪᠠᠶᠢᠭᠤᠯᠵᠤ᠂ ᠮᠣᠩ᠋ᠭᠤᠯ ᠤᠯᠤᠰ ᠤᠨ ᠤᠯᠠᠭᠠᠨᠪᠠᠭᠠᠲᠤᠷ ᠬᠤᠲᠠ ᠳᠤ ᠬᠦᠷᠴᠤ᠂ ᠲᠦᠷᠦᠯᠬᠢ ᠵᠢᠷᠦᠬᠡᠨ ᠤ ᠡᠪᠡᠳᠴᠢᠨ ᠲᠡᠢ 0-14 ᠨᠠᠰᠤᠨ ᠤ ᠬᠡᠤᠬᠡᠳ ᠪᠠᠭᠠᠴᠤᠳ ᠲᠤ ᠡᠮᠴᠢᠯᠡᠬᠡ ᠬᠢᠬᠦ ᠠᠵᠢᠯᠯᠠᠭ᠎ᠠ ᠦᠷᠨᠢᠬᠦᠯᠦᠭᠡᠳ ᠨᠡᠶᠢᠲᠠ 127 ᠬᠡᠤᠬᠡᠳ ᠤᠨ ᠡᠪᠡᠳᠴᠢᠨ ᠢ ᠳᠤᠳᠤᠯᠠᠨ ᠡᠮᠴᠢᠯᠡᠵᠤ᠂ 55 ᠬᠡᠤᠬᠡᠳ ᠲᠦ ᠬᠠᠭᠠᠯᠭ᠎ᠠ ᠬᠢᠵᠤ ᠪᠤᠯᠬᠤ ᠶᠢ ᠳᠤᠳᠤᠯᠠᠭᠰᠠᠨ ᠶᠤᠮ᠃

    10 ᠤ᠋ ᠤᠷᠤᠢ᠂ ᠮᠤᠩᠭᠤᠯ ᠤᠯᠤᠰ ᠤᠨ ᠲᠦᠷᠦᠯᠬᠢ ᠵᠢᠷᠦᠬᠡᠨ ᠤ ᠡᠪᠡᠳᠴᠢᠨ ᠲᠠᠢ 12 ᠬᠡᠤᠭᠡᠳ ᠭᠡᠷ ᠤᠨ ᠠᠬᠠᠮᠠᠳ ᠲᠠᠢ ᠪᠡᠨ ᠬᠦᠬᠡᠬᠤᠲᠠ ᠳᠤ ᠬᠦᠷᠴᠤ ᠢᠷᠡᠪᠡ᠃ 11 ᠤ ᠡᠳᠦᠷ᠂ ᠥᠪᠦᠷ ᠮᠣᠩᠭᠤᠯ ᠤᠨ ᠥᠪᠡᠷᠲᠡᠬᠡᠨ ᠵᠠᠰᠠᠬᠤ ᠤᠷᠤᠨ ᠤ ᠠᠷᠠᠳ ᠤᠨ ᠡᠮᠨᠡᠯᠭᠡ ᠶᠢᠨ ᠵᠢᠷᠦᠬᠡᠨ ᠤ ᠡᠮᠨᠡᠯᠭᠡ ᠶᠢᠨ ᠲᠦᠪ ᠡᠴᠡ ᠡᠳᠡᠬᠡᠷ ᠬᠡᠤᠬᠡᠳ ᠤᠳ ᠤᠨ ᠡᠷᠡᠬᠦᠯ ᠮᠡᠨᠳᠦ ᠶᠢᠨ ᠦᠵᠡᠯᠬᠡ ᠪᠤᠯᠤᠨ ᠬᠠᠭᠠᠯᠭ᠎ᠠ ᠡᠴᠡ ᠡᠮᠦᠨᠡᠬᠢ ᠡᠯ᠎ᠠ ᠲᠦᠷᠦᠯ ᠤᠨ ᠪᠡᠯᠡᠳᠭᠡᠯ ᠠᠵᠢᠯ ᠢ ᠲᠤᠬᠢᠷᠠᠭᠤᠯᠵᠤ᠂ 12  ᠡᠴᠡ 15 ᠤ ᠡᠳᠦᠷ ᠤᠨ ᠬᠤᠭᠤᠷᠤᠨᠳᠤ ᠬᠠᠭᠠᠯᠭ᠎ᠠ ᠬᠢᠬᠦ ᠪᠡᠷ ᠪᠤᠯᠵᠡᠢ᠃

    ᠲᠤᠰ ᠠᠵᠢᠯᠯᠠᠭ᠎ᠠ ᠶᠢ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠌ ᠤᠨ ᠲᠤᠷᠭᠠᠨ ᠤ ᠵᠠᠮ ᠤᠨ ᠲᠦᠬᠡᠮᠡᠯ ᠬᠠᠶᠢᠷ᠎ᠠ ᠶᠢᠨ ᠹᠤᠨᠳ᠋ ᠡᠴᠡ ᠲᠤᠰᠠᠯᠠᠨ ᠳᠡᠮᠵᠢᠵᠤ ᠪᠠᠶᠢᠨ᠎ᠠ᠃

ᠢᠷᠡᠯᠳᠡ᠄ ᠰᠢᠨᠬᠤᠧᠠ ᠮᠣᠩᠭᠤᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121794337