蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ 2017 ᠤᠨ ᠤ 《ᠤᠯᠤᠰ ᠳᠠᠶᠠᠭᠠᠷ ᠤᠨ ᠠᠶᠤᠯᠬᠦᠢ ᠪᠡᠷ ᠡᠮ ᠬᠡᠷᠡᠭᠯᠡᠬᠦ ᠰᠠᠷ᠎ᠠ》 ᠶ᠋ᠢᠨ ᠠᠵᠢᠯᠯᠠᠭ᠎ᠠ ᠡᠬᠢᠯᠡᠪᠡ

2017-10-13 14:38

    ᠰᠢᠨᠬᠤᠧᠠ ᠨᠧᠲ ᠬᠦᠬᠡᠬᠤᠲᠠ ᠶᠢᠨ 10 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ 12 ᠡᠳᠦᠷ ᠤᠨ ᠦᠳᠡ ᠡᠴᠡ ᠡᠮᠦᠨ᠎ᠠ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠢᠳᠡᠭᠡᠨ ᠪᠠ ᠡᠮ ᠤᠨ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠪᠤᠯᠤᠨ ᠬᠦᠬᠡᠬᠤᠲᠠ ᠶᠢᠨ ᠢᠳᠡᠭᠡᠨ ᠪᠠ ᠡᠮ ᠤᠨ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠲᠤᠪᠴᠢᠶᠠᠨ ᠡᠴᠡ 2017 ᠤᠨ ᠤ 《ᠤᠯᠤᠰ ᠳᠠᠶᠠᠭᠠᠷ ᠤᠨ ᠠᠶᠤᠯᠬᠦᠢ ᠪᠡᠷ ᠡᠮ ᠬᠡᠷᠡᠭᠯᠡᠬᠦ ᠰᠠᠷ᠎ᠠ》 ᠶᠢᠨ ᠠᠵᠢᠯᠯᠠᠭ᠎ᠠ ᠡᠬᠢᠯᠡᠭᠦᠯᠦᠭᠰᠡᠨ ᠪᠠᠶᠢᠨ᠎ᠠ᠃

    ᠥᠢᠯᠡᠭᠠᠬᠰᠠᠨ ᠢᠶᠡᠷ᠂ ᠥᠨᠥ ᠵᠢᠯ ᠤᠨ ᠤᠯᠤᠰ ᠳᠠᠶᠠᠭᠠᠷ ᠤᠨ ᠠᠶᠤᠯᠬᠦᠢ ᠪᠡᠷ ᠡᠮ ᠬᠡᠷᠡᠭᠯᠡᠬᠦ ᠰᠠᠷ᠎ᠠ ᠶᠢᠨ ᠠᠵᠢᠯᠯᠠᠭ᠎ᠠ ᠨᠢ《ᠠᠶᠤᠯᠬᠦᠢ ᠪᠡᠷ ᠡᠮ ᠬᠡᠷᠡᠭᠯᠡᠵᠤ᠂  ᠬᠠᠮᠲᠤ ᠳ᠋ᠠᠭᠠᠨ ᠡᠷᠡᠭᠦᠯ ᠮᠡᠨᠳᠤ ᠶᠠᠪᠤᠵᠠᠭᠠᠶ᠎ᠠ 》 ᠭᠤᠤᠯ ᠰᠡᠳᠤᠪ ᠲᠡᠢ᠃ ᠵᠣᠷᠢᠯᠭ᠎ᠠ ᠨᠢ ᠨᠡᠶᠢᠬᠡᠮ ᠳᠠᠶᠠᠭᠠᠷ ᠢ ᠲᠠᠶᠢᠴᠢᠯᠠᠨ ᠡᠮ ᠤᠨ ᠠᠶᠤᠯᠬᠦᠢ ᠶᠢᠨ ᠬᠢᠨᠠᠯᠲᠠ ᠶᠢᠨ ᠠᠵᠢᠯ ᠢ ᠠᠩᠬᠠᠷᠬᠤ᠂ ᠲᠤᠰᠠᠯᠠᠬᠤ ᠪᠠ ᠤᠷᠤᠯᠴᠠᠬᠤ ᠶᠢᠨ ᠬᠠᠮᠲᠤ ᠠᠶᠤᠯᠬᠦᠢ ᠪᠡᠷ ᠡᠮ ᠬᠡᠷᠡᠭᠯᠡᠬᠦ ᠮᠡᠳᠡᠯᠭᠡ ᠶᠢ ᠤᠯᠠᠮ ᠢᠶᠡᠷ ᠰᠤᠷᠲᠠᠯᠴᠢᠯᠠᠵᠤ᠂ ᠠᠶᠤᠯᠬᠦᠢ ᠪᠡᠷ ᠡᠮ ᠬᠡᠷᠡᠭᠯᠡᠬᠦ ᠲᠦᠪᠰᠢᠨ ᠢ ᠳᠡᠭᠡᠭ᠍ᠰᠢᠯᠡᠬᠦᠯᠬᠦ ᠳᠤ ᠪᠤᠢ᠃ 2011 ᠤᠨ ᠡᠴᠡ ᠡᠬᠢᠯᠡᠨ᠂ ᠤᠯᠤᠰ ᠤᠨ ᠢᠳᠡᠭᠡᠨ ᠪᠠ ᠡᠮ ᠤᠨ ᠬᠢᠨᠠᠨ ᠪᠠᠶᠢᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠵᠢᠯ ᠪᠤᠯᠭᠠᠨ ᠤ 10 ᠳ᠋ᠤᠭᠠᠷ ᠰᠠᠷ᠎ᠠ ᠳᠤ ᠤᠯᠤᠰ ᠳᠠᠶᠠᠭᠠᠷ ᠤᠨ 《ᠠᠶᠤᠯᠬᠦᠢ ᠪᠡᠷ ᠡᠮ ᠬᠡᠷᠡᠭᠯᠡᠬᠦ ᠰᠠᠷ᠎ᠠ》 ᠶᠢᠨ ᠠᠵᠢᠯᠯᠠᠭ᠎ᠠ ᠵᠣᠬᠢᠶᠠᠨ ᠪᠠᠶᠢᠭᠤᠯᠤᠭᠠᠳ ᠤᠯᠤᠰ ᠳᠠᠶᠠᠭᠠᠷ ᠲᠤ ᠬᠠᠨᠳᠤᠭᠤᠯᠭ᠎ᠠ ᠶᠢᠨ ᠴᠢᠨᠠᠷᠲᠠᠢ ᠠᠶᠤᠯᠬᠦᠢ ᠪᠡᠷ ᠡᠮ ᠬᠡᠷᠡᠭᠯᠡᠬᠦ ᠭᠤᠤᠯ ᠰᠡᠳᠤᠪᠲᠤ ᠤᠬᠠᠭᠤᠯᠬᠤ ᠶᠢᠨ ᠠᠵᠢᠯᠯᠠᠭ᠎ᠠ ᠦᠷᠨᠢᠬᠦᠯᠵᠦ ᠢᠷᠡᠵᠡᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121798449