蒙古文网站Logo
ᠰᠢᠨᠬᠤᠸᠠ ᠮᠤᠩᠭ᠋ᠤᠯ ᠨᠧᠲ

ᠡᠷᠡᠬᠦᠯ ᠮᠡᠨᠲᠦ ᠨᠡᠶᠢᠲᠡ ᠶᠢᠨ ᠦᠢᠯᠡᠴᠢᠯᠡᠭᠡᠨ ᠤ ᠠᠵᠢᠯᠯᠠᠭ᠎ᠠ ᠠᠯᠠᠱᠠ ᠠᠶᠢᠮᠠᠭ ᠲᠤ ᠡᠬᠢᠯᠡᠪᠡ

2017-10-16 16:50

    《ᠨᠢᠭᠡ ᠰᠡᠳᠬᠢᠯᠲᠤᠮᠲᠠᠲᠤ ᠶᠢᠨ ᠰᠡᠳᠬᠢᠯ》 ᠵᠤᠬᠢᠶᠠᠨ ᠪᠠᠶᠢᠭᠤᠯᠬᠤ ᠺᠤᠮᠢᠰ ᠪᠠ ᠦᠪᠦᠷ ᠮᠤᠩᠭ᠋ᠤᠯ ᠤᠨ ᠠᠯᠠᠱᠠ ᠠᠶᠢᠮᠠᠭ ᠤᠨ ᠨᠢᠭᠡᠲᠦᠮᠡᠯ ᠹᠷᠤᠨᠲ ᠤᠨ ᠬᠡᠯᠲᠡᠰ ᠤᠨ ᠬᠠᠮᠲᠤᠷᠠᠭᠰᠠᠨ ᠡᠷᠡᠬᠦᠯ ᠮᠡᠨᠲᠦ ᠨᠡᠶᠢᠲᠡ ᠶᠢᠨ ᠦᠢᠯᠡᠴᠢᠯᠡᠭᠡᠨ ᠤ ᠠᠵᠢᠯᠯᠠᠭ᠎ᠠ 10 ᠰᠠᠷ᠎ᠠ ᠶᠢᠨ 13 ᠤ ᠡᠲᠦᠷ ᠡᠬᠢᠯᠡᠪᠡ᠃ ᠤᠯᠤᠰ ᠲᠠᠶᠠᠭᠠᠷ ᠤᠨ 30 ᠮᠤᠵᠢ ( ᠬᠤᠲᠠ )  ᠶᠢᠨ ᠬᠤᠶᠠᠷ ᠵᠠᠭᠤ ᠭᠠᠷᠤᠢ ᠡᠮᠴᠢ᠂ ᠲᠤᠰᠬᠠᠢ ᠮᠡᠷᠭᠡᠵᠢᠯᠲᠡᠨ᠂ ᠨᠡᠶᠢᠭᠡᠮ ᠤᠨ ᠬᠠᠯᠠᠭᠤᠨ ᠰᠡᠳᠬᠢᠯᠲᠦ ᠬᠦᠮᠦᠰ ᠡᠴᠡ ᠡᠬᠡ ᠨᠢᠯᠬᠠᠰ ᠤᠨ ᠡᠷᠡᠬᠦᠯᠵᠢᠯ ᠤᠨ ᠲᠤᠭᠤᠷᠢᠨ ᠳ᠋ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠬᠦᠯᠬᠦ ᠪᠤᠯᠤᠨ᠎ᠠ᠃

    《 ᠲᠠᠯ᠎ᠠ ᠨᠤᠲᠤᠭ ᠲᠤ ᠡᠮᠡᠭᠲᠡᠶᠢᠴᠤᠳ ᠬᠡᠦᠬᠡᠳ ᠪᠠᠶᠢᠬᠤ ᠳ᠋ᠤ ᠯᠡ ᠬᠦᠷᠪᠡᠯ ᠢᠷᠡᠭᠡᠲᠦᠢ ᠬᠦᠰᠡᠯ ᠡᠷᠡᠮᠡᠯᠵᠡᠯ ᠮᠦᠨ 》ᠭᠡᠵᠦ ᠵᠤᠬᠢᠶᠠᠨ ᠪᠠᠶᠢᠭᠤᠯᠬᠤ ᠺᠤᠮᠢᠰ ᠤᠨ ᠲᠡᠷᠢᠬᠦᠯᠡᠭᠴᠢ᠂ ᠪᠡᠭᠡᠵᠢᠩ ᠤᠨ ᠰᠢᠶᠧ ᠡᠾᠧ ᠡᠮᠨᠡᠯᠭᠡ ᠶᠢᠨ ᠡᠮᠡᠭᠲᠡᠢ ᠶᠢᠨ ᠡᠪᠡᠳᠴᠢᠨ ᠤ ᠰᠠᠯᠠᠭᠠᠨ ᠤ ᠡᠷᠬᠢᠯᠡᠭᠴᠢ ᠯᠠᠩ ᠵᠢᠩ ᠡᠾᠧ ᠠᠺᠠᠳᠧᠮᠢᠴᠢ ᠶᠠᠷᠢᠨ᠎ᠠ᠃

    ᠪᠠᠶᠢᠭᠠᠯᠢ ᠤᠷᠴᠢᠨ ᠪᠠ ᠠᠮᠢᠲᠤᠷᠠᠯ ᠤᠨ ᠵᠠᠩ ᠲᠠᠳᠬᠠᠯ ᠵᠡᠷᠭᠡ ᠡᠴᠡ ᠰᠢᠯᠲᠠᠭᠠᠯᠠᠭᠲᠠᠨ᠂ ᠠᠯᠠᠱᠠ ᠶᠢᠨ ᠢᠷᠭᠡᠳ ᠤᠨ ᠵᠢᠷᠦᠭᠡ ᠴᠢᠰᠤᠨ ᠰᠤᠲᠠᠯ᠂ ᠦᠶ᠎ᠠ ᠭᠡᠰᠢᠬᠦᠨ ᠤ ᠡᠪᠡᠳᠴᠢᠨ ᠠᠷᠬᠠᠭ ᠤᠨ ᠲᠠᠬᠢᠬᠤ ᠨᠤᠷᠮ᠎ᠠ ᠨᠡᠯᠢᠶᠡᠳ ᠦᠨᠳᠦᠷ᠂ ᠡᠮᠡᠭᠲᠡᠢ ᠶᠢᠨ ᠡᠪᠡᠳᠴᠢᠨ᠂ ᠬᠦᠬᠦᠨ ᠪᠤᠯᠴᠢᠷᠬᠠᠢ ᠶᠢᠨ ᠡᠪᠡᠳᠴᠢᠨ ᠴᠤ ᠦᠷᠭᠡᠨ ᠲᠡᠯᠭᠡᠷᠡᠵᠦ ᠪᠠᠶᠢᠲᠠᠭ᠃ ᠬᠡᠲᠦᠶᠢᠪᠡᠷ ᠲᠤᠬᠠᠢ ᠶᠢᠨ ᠤᠷᠤᠨ ᠤ ᠡᠮᠴᠢᠯᠡᠭᠡ ᠡᠷᠡᠬᠦᠯ ᠮᠡᠨᠳᠦ ᠶᠢᠨ ᠲᠤᠨᠤᠭ ᠲᠦᠬᠦᠭᠡᠷᠦᠮᠵᠢ ᠨᠡᠯᠢᠶᠡᠳ ᠰᠠᠶᠢᠵᠢᠷᠠᠭᠰᠠᠨ ᠪᠤᠯᠪᠠᠴᠤ ᠦᠨᠳᠦᠰᠦᠨ ᠱᠠᠲᠤᠨ  ᠳᠤ ᠰᠢᠯᠢᠲᠡᠭ ᠮᠡᠷᠭᠡᠵᠢᠯ ᠲᠠᠢ ᠡᠮᠴᠢ ᠲᠤᠲᠠᠭᠲᠠᠵᠤ ᠪᠠᠶᠢᠬᠤ ᠪᠦᠭᠡᠳ ᠮᠡᠷᠭᠡᠵᠢᠯ ᠤᠨ ᠲᠦᠪᠰᠢᠨ ᠪᠠᠭᠤᠷᠠᠢ ᠪᠠᠶᠢᠨ᠎ᠠ᠃ ᠵᠤᠬᠢᠶᠠᠨ ᠪᠠᠶᠢᠭᠤᠯᠬᠤ ᠺᠤᠮᠢᠰ ᠤᠨ ᠨᠠᠷᠢᠨ ᠪᠢᠴᠢᠭ᠌ ᠤᠨ ᠲᠠᠷᠤᠭ᠎ᠠ ᠡᠾᠧ ᠫᠧᠩ ᠹᠧᠢ ᠶᠢᠨ ᠲᠠᠨᠢᠯᠴᠠᠭᠤᠯᠤᠭᠰᠠᠨ ᠶᠢᠡᠷ ᠡᠨᠡ ᠤᠲᠠᠭ᠎ᠠ ᠡᠮᠴᠢᠯᠡᠭᠡ ᠬᠢᠬᠦ ᠡᠴᠡ ᠭᠠᠲᠠᠨ᠎ᠠ ᠬᠦᠬᠦᠨ ᠪᠤᠯᠴᠢᠷᠬᠠᠢ ᠶᠢᠨ ᠡᠪᠡᠳᠴᠢᠨ ᠢ ᠪᠠᠶᠢᠴᠠᠭᠠᠨ ᠤᠨᠤᠰᠢᠯᠠᠬᠤ ᠮᠠᠰᠢᠨ ᠠᠪᠴᠢᠷᠠᠵᠤ ᠲᠤᠰᠬᠠᠢ ᠮᠡᠷᠭᠡᠵᠢᠯᠲᠡᠳ ᠡᠴᠡ ᠬᠦᠴᠢᠷ ᠲᠦᠪᠡᠭ᠌ ᠲᠠᠢ ᠡᠪᠡᠳᠴᠢᠨ ᠢ ᠪᠠᠶᠢᠴᠠᠭᠠᠵᠤ ᠡᠮᠴᠢᠯᠡᠬᠦ ᠲᠦᠰᠦᠯ ᠭᠠᠷᠭᠠᠨ ᠦᠭ᠍ᠬᠦ ᠪᠤᠯᠤᠨ᠎ᠠ᠃ ᠡᠨᠡᠬᠦ ᠵᠤᠬᠢᠶᠠᠨ ᠪᠠᠶᠢᠭᠤᠯᠬᠤ ᠺᠤᠮᠢᠰ ᠤᠨ ᠬᠢᠨ ᠮᠦᠨ ᠪᠡᠭᠡᠵᠢᠩ ᠶᠡᠬᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠡᠮᠡᠭᠲᠡᠢ ᠶᠢᠨ ᠡᠪᠡᠳᠴᠢᠨ ᠤ ᠰᠠᠯᠠᠭ᠎ᠠ ᠲᠠᠢ ᠬᠤᠯᠪᠤᠭᠠᠯᠠᠨ ᠠᠯᠠᠱᠠ ᠵᠡᠬᠦᠨ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠡᠮᠨᠡᠯᠭᠡ ᠳ᠋ᠤ ᠲᠤᠰᠬᠠᠢ ᠮᠡᠷᠭᠡᠵᠢᠯᠲᠡᠳ ᠤᠨ ᠠᠵᠢᠯᠯᠠᠬᠤ ᠦᠷᠲᠡᠭᠡ ᠪᠠᠶᠢᠭᠤᠯᠵᠤ ᠲᠤᠬᠠᠢ ᠶᠢᠨ ᠤᠷᠤᠨ ᠤ ᠡᠬᠡ ᠨᠢᠯᠬᠠᠰ ᠤᠨ ᠡᠷᠡᠬᠦᠯᠵᠢᠯ ᠤᠨ ᠲᠦᠪᠰᠢᠨ ᠢ ᠲᠡᠭᠡᠭ᠍ᠰᠢᠯᠡᠬᠦᠯᠬᠦ ᠪᠤᠯᠤᠨ᠎ᠠ ᠭᠡᠵᠡᠢ᠃

    ᠲᠤᠰ ᠤᠲᠠᠭᠠᠨ ᠤ ᠠᠵᠢᠯᠯᠠᠭ᠎ᠠ ᠨᠢ ᠡᠵᠡᠨ᠎ᠡ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠡᠮᠨᠡᠯᠭᠡ᠂ ᠠᠯᠠᠱᠠ ᠵᠡᠬᠦᠨ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠡᠮᠨᠡᠯᠭᠡ᠂ ᠠᠯᠠᠱᠠ ᠠᠶᠢᠮᠠᠭ ᠤᠨ ᠲᠦᠪ ᠡᠮᠨᠡᠯᠭᠡ ᠵᠡᠷᠭᠡ ᠭᠠᠵᠠᠷ ᠤᠳ ᠶᠢᠡᠷ ᠬᠦᠷᠴᠦ ᠡᠮᠴᠢᠯᠡᠭᠡ ᠬᠢᠵᠦ ᠡᠮ ᠲᠠᠩ ᠬᠦᠷᠭᠡᠬᠦ ᠡᠴᠡ ᠭᠠᠲᠠᠨ᠎ᠠ ᠡᠵᠡᠨ᠎ᠡ ᠬᠤᠰᠢᠭᠤᠨ ᠳ᠋ᠤ ᠮᠤᠲᠤ ᠲᠠᠷᠢᠬᠤ᠂ ᠶᠠᠲᠠᠭᠤ ᠬᠦᠴᠢᠷᠲᠡᠯᠲᠡᠢ ᠡᠷᠦᠬᠡ ᠶᠢ ᠲᠤᠬᠤᠨᠢᠭᠤᠯᠬᠤ ᠵᠡᠷᠭᠡ ᠠᠭᠤᠯᠭ᠎ᠠ ᠨᠤᠭᠤᠳ ᠢ ᠲᠤᠬᠢᠷᠠᠭᠤᠯᠪᠠ᠃ ( ᠡᠬᠡ ᠪᠢᠴᠢᠭ᠌᠂ ᠵᠢᠷᠤᠭ ᠢ ᠲᠡᠮᠦᠷᠪᠠᠭᠠᠨ᠎ᠠ )

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121811261