蒙古文网站Logo
ᠰᠢᠨᠬᠤᠸᠠ ᠮᠤᠩᠭ᠋ᠤᠯ ᠨᠧᠲ

2030 ᠤᠨ ᠪᠤᠯᠬᠤ ᠳᠤ ᠥᠪᠦᠷ ᠮᠣᠩᠭ᠋ᠤᠯ ᠡᠷᠡᠭᠦᠯ ᠮᠡᠨᠳᠤ ᠶᠢᠨ ᠵᠢᠭᠠᠯᠲᠠ ᠶᠢ ᠤᠯᠤᠰ ᠳᠠᠶᠠᠭᠠᠷ ᠤᠨ ᠳᠤᠮᠳᠠᠴᠢ ᠬᠢᠷᠢ ᠲᠦᠪᠰᠢᠨ ᠳᠤ ᠬᠦᠷᠦᠭᠦᠯᠬᠦ ᠶᠢ ᠦᠨᠳᠤᠰᠤᠨ ᠳᠡᠭᠡᠨ ᠪᠠᠶᠠᠯᠡᠬᠦᠯᠬᠦ ᠪᠤᠯᠤᠨ᠎ᠠ

2017-10-17 17:31

    ᠰᠢᠨᠬᠤᠧᠠ ᠨᠧᠲ ᠬᠦᠬᠡᠬᠤᠲᠠ ᠶᠢᠨ 10 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ (ᠯᠢ ᠴᠢᠶᠠᠨ) 16 ᠤ ᠡᠳᠦᠷ᠂ ᠰᠢᠨᠬᠤᠧᠠ ᠨᠧᠲ 《ᠡᠷᠡᠭᠦᠯ ᠮᠡᠨᠳᠤ ᠥᠪᠦᠷ ᠮᠣᠩᠭ᠋ᠤᠯ 2030》 ᠪᠦᠲᠦᠬᠡᠨ ᠪᠠᠶᠢᠭᠤᠯᠤᠯᠲᠠ ᠶᠢᠨ ᠠᠵᠢᠯ ᠤᠨ ᠬᠡᠪᠯᠡᠯ ᠮᠡᠳᠡᠭᠡᠯᠡᠯ ᠤᠨ ᠬᠤᠷᠠᠯ ᠡᠴᠡ ᠤᠶᠢᠯᠠᠭᠠᠭᠰᠠᠨ ᠢᠶᠡᠷ᠂ 2030 ᠤᠨ ᠪᠤᠯᠬᠤ ᠳᠤ ᠥᠪᠦᠷ ᠮᠣᠩᠭ᠋ᠤᠯ ᠡᠷᠡᠭᠦᠯ ᠮᠡᠨᠳᠤ ᠶᠢᠨ ᠵᠢᠭᠠᠯᠲᠠ ᠶᠢ ᠤᠯᠤᠰ ᠳᠠᠶᠠᠭᠠᠷ ᠤᠨ ᠳᠤᠮᠳᠠᠴᠢ ᠬᠢᠷᠢ ᠲᠦᠪᠰᠢᠨ ᠳᠤ ᠬᠦᠷᠦᠭᠦᠯᠬᠦ ᠶᠢ ᠦᠨᠳᠤᠰᠤᠨ ᠳᠡᠭᠡᠨ ᠪᠠᠶᠠᠯᠡᠬᠦᠯᠬᠦ ᠪᠤᠯᠤᠨ᠎ᠠ᠃ 

    ᠡᠨᠡ ᠵᠢᠯ ᠤᠨ 7 ᠳ᠋ᠤᠭᠠᠷ ᠰᠠᠷ᠎ᠠ ᠳᠤ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠴᠡ《<ᠡᠷᠡᠭᠦᠯ ᠮᠡᠨᠳᠤ ᠥᠪᠦᠷ ᠮᠣᠩᠭ᠋ᠤᠯ 2030〉 ᠶ᠋ᠢᠨ ᠬᠡᠷᠡᠭᠵᠢᠬᠦᠯᠬᠦ ᠲᠦᠰᠦᠯ》(ᠳᠤᠷᠤᠭᠰᠢ ᠳᠦᠬᠦᠮᠴᠢᠯᠡᠬᠡᠳ《ᠬᠡᠷᠡᠭᠵᠢᠬᠦᠯᠬᠦ ᠲᠦᠰᠦᠯ》 ᠬᠡᠨ᠎ᠠ) ᠲᠠᠷᠬᠠᠭᠠᠪᠠ᠃ 《ᠬᠡᠷᠡᠭᠵᠢᠬᠦᠯᠬᠦ ᠲᠦᠰᠦᠯ》 ᠨᠢ ᠡᠷᠡᠭᠦᠯ ᠮᠡᠨᠳᠤ ᠠᠮᠢᠳᠤᠷᠠᠯ ᠢ ᠲᠦᠭᠡᠮᠡᠯᠵᠢᠬᠦᠯᠬᠦ᠂ ᠡᠷᠡᠭᠦᠯ ᠮᠡᠨᠳᠤ ᠶᠢᠨ ᠥᠢᠯᠡᠴᠢᠯᠡᠬᠡ ᠶᠢ ᠰᠢᠯᠢᠳᠡᠭᠵᠢᠬᠦᠯᠬᠦ᠂ ᠡᠷᠡᠬᠦᠯ ᠮᠡᠨᠳᠤ ᠶᠢᠨ ᠪᠠᠲᠤᠯᠠᠭ᠎ᠠ ᠶᠢ ᠲᠡᠭᠦᠯᠳᠡᠷᠵᠢᠬᠦᠯᠬᠦ᠂ ᠡᠷᠡᠬᠦᠯ ᠮᠡᠨᠳᠤ ᠤᠷᠴᠢᠨ ᠲᠤᠭᠤᠷᠢᠨ ᠢ ᠪᠦᠲᠦᠬᠡᠨ ᠪᠠᠶᠢᠭᠤᠯᠬᠤ᠂ ᠡᠷᠡᠬᠦᠯ ᠮᠡᠨᠳᠤ ᠶᠢᠨ ᠠᠵᠤ ᠥᠢᠯᠡᠰ ᠢ ᠬᠦᠭ᠍ᠵᠢᠬᠦᠯᠬᠦ ᠵᠡᠷᠭᠡ ᠲᠠᠪᠤᠨ ᠲᠠᠯ᠎ᠠ ᠪᠡᠷ ᠡᠷᠡᠬᠦᠯ ᠮᠡᠨᠳᠤ ᠥᠪᠦᠷ ᠮᠣᠩᠭ᠋ᠤᠯ ᠤᠨ ᠪᠦᠲᠦᠬᠡᠨ ᠪᠠᠶᠢᠭᠤᠯᠤᠯᠲᠠ ᠶᠢᠨ 《ᠴᠠᠭ ᠤᠨ ᠬᠤᠪᠢᠶᠠᠷᠢ》ᠪᠤᠯᠤᠨ 《ᠵᠠᠮ ᠰᠤᠭᠤᠮ ᠤᠨ ᠵᠢᠷᠤᠭ》 ᠢ᠋ ᠲᠤᠭᠳᠠᠭᠠᠬᠤ ᠶᠢᠨ ᠵᠡᠷᠭᠡᠴᠡᠭᠡ 20 ᠵᠦᠢᠯ ᠤᠨ ᠬᠦᠨᠳᠤ ᠴᠢᠬᠤᠯᠠ ᠢᠨᠵᠧᠨᠧᠷᠢᠩ ᠢ (ᠡᠬᠦᠨ ᠳᠤ 39 ᠠᠵᠢᠯᠯᠠᠭ᠎ᠠ ᠪᠤᠯᠤᠨ 22 ᠲᠦᠰᠦᠯ ᠪᠠᠬᠳᠠᠨ᠎ᠠ)ᠭᠤᠤᠯᠯᠠᠨ ᠠᠬᠢᠭᠤᠯᠬᠤ ᠪᠡᠷ ᠪᠤᠯᠤᠭᠰᠠᠨ ᠶᠤᠮ᠃

    《ᠬᠡᠷᠡᠭᠵᠢᠬᠦᠯᠬᠦ ᠲᠦᠰᠦᠯ》 ᠳ᠋ᠤ᠂ ᠪᠦᠬᠦ ᠠᠷᠠᠳ ᠤᠨ ᠡᠷᠡᠭᠦᠯ ᠮᠡᠨᠳᠤ ᠶᠢ ᠠᠬᠢᠭᠤᠯᠬᠤ ᠳᠦᠷᠢᠮ ᠤᠨ ᠲᠤᠭᠳᠠᠯᠴᠠᠭ᠎ᠠ ᠶᠢ ᠤᠯᠠᠮ ᠡᠴᠡ ᠪᠦᠷᠢᠨᠰᠢᠭᠦᠯᠵᠦ᠂ ᠡᠷᠡᠬᠦᠯ ᠮᠡᠨᠳᠤ ᠶᠢᠨ ᠬᠦᠷᠢᠶ᠎ᠠ ᠴᠠᠷᠠᠭᠠᠨ ᠳ᠋ᠡᠬᠢ ᠬᠦᠭ᠍ᠵᠢᠯᠲᠠ ᠶᠢ ᠨᠡᠩ ᠵᠣᠬᠢᠴᠠᠩᠭ᠋ᠤᠢ ᠪᠤᠯᠭᠠᠵᠤ᠂ ᠡᠷᠡᠬᠦᠯ ᠮᠡᠨᠳᠤ ᠠᠮᠢᠳᠤᠷᠠᠯ ᠤᠨ ᠠᠷᠭ᠎ᠠ ᠬᠡᠯᠪᠡᠷᠢ ᠶᠢ ᠲᠦᠬᠡᠮᠡᠯᠵᠢᠬᠦᠯᠵᠦ᠂ ᠡᠷᠡᠬᠦᠯ ᠮᠡᠨᠳᠤ ᠶᠢᠨ ᠥᠢᠯᠡᠴᠢᠯᠡᠬᠡᠨ ᠤ ᠶᠠᠰᠤ ᠴᠢᠨᠠᠷ ᠪᠤᠯᠤᠨ ᠡᠷᠡᠬᠦᠯ ᠮᠡᠨᠳᠤ ᠶᠢᠨ ᠪᠠᠲᠤᠯᠠᠭᠠᠨ ᠤ ᠬᠢᠷᠢ ᠲᠦᠪᠰᠢᠨ ᠢ ᠲᠠᠰᠤᠷᠠᠯᠲᠠ ᠦᠬᠡᠢ ᠳᠡᠭᠡᠭ᠍ᠰᠢᠯᠡᠬᠦᠯᠵᠦ᠂ ᠡᠷᠡᠬᠦᠯ ᠮᠡᠨᠳᠤ ᠤᠷᠴᠢᠨ ᠲᠤᠭᠤᠷᠢᠨ ᠢ ᠨᠡᠩ ᠨᠦᠬᠦᠷᠰᠡᠭ ᠪᠦᠬᠡᠳ ᠡᠶ᠎ᠠ ᠵᠣᠬᠢᠴᠠᠯ ᠲᠠᠢ ᠪᠤᠯᠭᠠᠵᠤ᠂ ᠡᠷᠡᠬᠦᠯ ᠮᠡᠨᠳᠤ ᠶᠢᠨ ᠠᠵᠤ ᠥᠢᠯᠡᠰ ᠢ ᠴᠡᠴᠡᠭᠯᠡᠬᠦᠯᠦᠨ ᠬᠦᠭ᠍ᠵᠢᠬᠦᠯᠵᠦ᠂ ᠡᠷᠡᠬᠦᠯ ᠮᠡᠨᠳᠤ ᠶᠢ ᠠᠵᠤ ᠠᠬᠤᠢ ᠨᠡᠶᠢᠬᠡᠮ ᠤᠨ ᠬᠦᠭ᠍ᠵᠢᠯᠲᠠ ᠳᠤ ᠠᠭᠤᠰᠬᠠᠵᠤ᠂ ᠠᠷᠠᠳ ᠲᠦᠮᠡᠨ ᠤ ᠡᠷᠡᠬᠦᠯ ᠮᠡᠨᠳᠤ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭ᠍ᠰᠢᠯᠡᠬᠦᠯᠬᠦ᠂ ᠡᠷᠡᠬᠦᠯ ᠮᠡᠨᠳᠤ ᠶᠢ ᠬᠤᠬᠢᠷᠠᠭᠤᠯᠬᠤ ᠭᠤᠤᠯ ᠡᠯᠧᠮᠧᠨ᠋ᠲ ᠢ ᠪᠦᠲᠦᠮᠵᠢᠲᠠᠢ ᠬᠤᠷᠢᠬᠯᠠᠬᠤ᠂ ᠡᠷᠡᠬᠦᠯ ᠮᠡᠨᠳᠤ ᠶᠢᠨ ᠥᠢᠯᠡᠴᠢᠯᠡᠬᠡᠨ ᠤ ᠴᠢᠳᠠᠪᠤᠷᠢ ᠶᠢ ᠶᠡᠬᠡᠪᠡᠷ ᠳᠡᠭᠡᠭ᠍ᠰᠢᠯᠡᠬᠦᠯᠬᠦ᠂ ᠡᠷᠡᠬᠦᠯ ᠮᠡᠨᠳᠤ ᠶᠢᠨ ᠠᠵᠤ ᠥᠢᠯᠡᠰ ᠤᠨ ᠬᠡᠪᠴᠢᠶ᠎ᠠ ᠶᠢ ᠢᠯᠠᠳᠲᠠ ᠥᠷᠭᠡᠳᠭᠡᠬᠦ ᠵᠢᠴᠢ ᠡᠷᠡᠬᠦᠯ ᠮᠡᠨᠳᠤ ᠶᠢ ᠠᠬᠢᠭᠤᠯᠬᠤ ᠳᠦᠷᠢᠮ ᠤᠨ ᠲᠤᠭᠳᠠᠯᠴᠠᠭ᠎ᠠ ᠶᠢ ᠤᠯᠠᠮ ᠡᠴᠡ ᠲᠡᠭᠦᠯᠳᠡᠷᠵᠢᠬᠦᠯᠬᠦ ᠵᠡᠷᠬᠡ ᠲᠠᠪᠤᠨ ᠶᠡᠬᠡ ᠪᠤᠳᠡᠳᠡᠢ ᠬᠠᠷᠠᠯᠲᠠ ᠶᠢ ᠪᠡᠶᠡᠯᠡᠬᠦᠯᠬᠦ ᠬᠡᠷᠡᠭᠲᠠᠢ ᠬᠡᠵᠤ ᠳᠤᠷᠠᠳᠴᠠᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121817200