蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠮᠣᠩᠭ᠋ᠤᠯ ᠡᠮ ᠡᠮᠨᠡᠯᠭᠡ ᠬᠢᠲᠠᠳ ᠡᠮ ᠡᠮᠨᠡᠯᠬᠡ ᠶᠢᠨ ᠰᠤᠶᠤᠯ ᠢ ᠠᠬᠢᠭᠤᠯᠬᠤ ᠠᠵᠢᠯᠯᠠᠭ᠎ᠠ ᠡᠬᠢᠯᠡᠪᠡ

2017-10-23 11:37

    21 ᠤ ᠡᠳᠦᠷ᠂ ᠥᠪᠦᠷ ᠮᠣᠩ᠋ᠭᠤᠯ ᠤᠨ ᠥᠪᠡᠷᠲᠡᠬᠡᠨ ᠵᠠᠰᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠬᠡᠲᠤ ᠦᠷᠡᠵᠢᠯ ᠤᠨ ᠵᠦᠪᠯᠡᠯ ᠡᠴᠡ ᠰᠠᠨᠠᠭᠠᠴᠢᠯᠠᠬᠰᠠᠨ 《ᠬᠢᠳᠡᠳ ᠡᠮᠨᠡᠯᠬᠡ ᠬᠢᠲᠡᠳ ᠡᠮ ᠳᠤᠮᠳᠠᠳᠤ ᠶᠢᠨ ᠠᠶᠠᠨ﹒ᠮᠣᠩ᠋ᠭᠤᠯ ᠡᠮᠨᠡᠯᠬᠡ ᠮᠣᠩ᠋ᠭᠤᠯ ᠡᠮ ᠥᠪᠦᠷ ᠮᠣᠩ᠋ᠭᠤᠯ ᠤᠨ ᠠᠶᠠᠨ》—ᠮᠣᠩᠭ᠋ᠤᠯ ᠡᠮ ᠡᠮᠨᠡᠯᠭᠡ ᠬᠢᠲᠠᠳ ᠡᠮ ᠡᠮᠨᠡᠯᠬᠡ ᠶᠢᠨ ᠰᠤᠶᠤᠯ ᠢ ᠠᠬᠢᠭᠤᠯᠬᠤ ᠠᠵᠢᠯᠯᠠᠭ᠎ᠠ ᠥᠪᠦᠷ ᠮᠣᠩᠭ᠋ᠤᠯ ᠤᠨ ᠬᠢᠳᠡᠳ ᠡᠮᠨᠡᠯᠬᠡ ᠳᠤ ᠡᠬᠢᠯᠡᠪᠡ᠃ ᠲᠤᠰ ᠤᠳᠠᠭᠠᠨ ᠤ ᠠᠵᠢᠯᠯᠠᠭ᠎ᠠ ᠨᠢ 《ᠮᠣᠩᠭ᠋ᠤᠯ ᠡᠮ ᠡᠮᠨᠡᠯᠭᠡ ᠬᠢᠲᠠᠳ ᠡᠮ ᠡᠮᠨᠡᠯᠬᠡ ᠶᠢᠨ ᠡᠷᠡᠬᠦᠯ ᠮᠡᠨᠳᠤ ᠶᠢᠨ ᠰᠤᠶᠤᠯ ᠢ ᠲᠡᠯᠭᠡᠷᠡᠭᠦᠯᠵᠦ᠂ ᠢᠷᠭᠡᠳ ᠤᠨ ᠡᠷᠡᠬᠦᠯ ᠮᠡᠨᠳᠤ ᠶᠢᠨ ᠭᠡᠪ ᠪᠤᠯᠪᠠᠰᠤᠷᠠᠯ  ᠢ ᠳᠡᠭᠡᠭ᠍ᠰᠢᠯᠡᠬᠦᠯᠦᠨ᠎ᠠ》ᠬᠡᠬᠦ ᠪᠡᠷ ᠭᠤᠤᠯ ᠰᠡᠳᠤᠪ ᠪᠤᠯᠭᠠᠬᠰᠠᠨ ᠪᠠᠶᠢᠨ᠎ᠠ᠃

    ᠤᠶᠢᠯᠠᠭᠠᠭᠰᠠᠨ ᠢᠶᠡᠷ᠂ 《ᠬᠢᠳᠡᠳ ᠡᠮ ᠡᠮᠨᠡᠯᠬᠡ ᠳᠤᠮᠳᠠᠳᠤ ᠶᠢᠨ ᠠᠶᠠᠨ》ᠠᠵᠢᠯᠯᠠᠭ᠎ᠠ ᠪᠤᠯ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶ᠎ᠠ 22 ᠶᠠᠮᠦᠨ ᠬᠤᠷᠢᠶ᠎ᠠ ᠲᠠᠢ ᠬᠤᠯᠪᠤᠭᠠᠯᠠᠨ ᠬᠠᠮᠲᠤ ᠪᠡᠷ ᠰᠠᠨᠠᠭᠠᠴᠢᠯᠠᠬᠰᠠᠨ ᠲᠤᠮᠦ ᠬᠡᠯᠪᠡᠷᠢ ᠶᠢᠨ ᠬᠢᠲᠠᠳ ᠡᠮ ᠡᠮᠨᠡᠯᠬᠡ ᠶᠢ ᠲᠦᠬᠡᠮᠡᠯᠵᠢᠬᠦᠯᠵᠦ ᠤᠬᠠᠭᠤᠯᠬᠤ ᠠᠵᠢᠯᠯᠠᠭ᠎ᠠ ᠪᠤᠯᠤᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121842536