蒙古文网站Logo
ᠰᠢᠨᠬᠤᠸᠠ ᠮᠤᠩᠭ᠋ᠤᠯ ᠨᠧᠲ

ᠡᠷᠡᠬᠦᠯ ᠡᠩᠬᠡ ᠦᠪᠦᠷ ᠮᠤᠩᠭ᠋ᠤᠯ ᠢ ᠪᠦᠲᠦᠭᠡᠨ ᠪᠠᠶᠢᠭᠤᠯᠬᠤ ᠴᠠᠭ ᠤᠨ ᠬᠤᠪᠢᠶᠠᠷᠢ

2017-10-24 18:32

    ᠤᠶᠢᠷ᠎ᠠ ᠳᠤ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠬᠡᠪᠯᠡᠯ ᠮᠡᠳᠡᠬᠡᠯᠡᠯ ᠤᠨ ᠬᠤᠷᠠᠯ ᠬᠤᠷᠠᠯᠳᠤᠭᠤᠯᠪᠠ᠃ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠷᠢᠨ ᠪᠢᠴᠢᠭ᠌ ᠤᠨ ᠲᠡᠳ᠋ ᠲᠠᠷᠤᠭ᠎ᠠ ᠱᠢ ᠮᠦᠧᠧ《〈ᠡᠷᠡᠬᠦᠯ ᠡᠩᠬᠡ ᠦᠪᠦᠷ ᠮᠤᠩᠭ᠋ᠤᠯ 2030〉  ᠤ᠋᠋ᠨ ᠬᠡᠷᠡᠭᠵᠢᠬᠦᠯᠬᠦ ᠲᠦᠰᠦᠯ》 ᠢ᠋ ᠲᠠᠶᠢᠯᠪᠤᠷᠢᠯᠠᠬᠤ ᠳᠤ ᠪᠠᠨ᠂ ᠦᠪᠦᠷ ᠮᠤᠩᠭ᠋ᠤᠯ ᠡᠷᠡᠬᠦᠯ ᠠᠮᠢᠳᠤᠷᠠᠯ ᠢ ᠲᠦᠭᠡᠮᠡᠯᠵᠢᠬᠦᠯᠬᠦ᠂ ᠡᠷᠡᠬᠦᠯ ᠦᠢᠯᠡᠴᠢᠯᠡᠬᠡ ᠶᠢ ᠰᠢᠯᠢᠳᠡᠭᠵᠢᠬᠦᠯᠬᠦ᠂ ᠡᠷᠡᠬᠦᠯ ᠪᠠᠳᠤᠯᠠᠭ᠎ᠠ ᠶᠢ ᠲᠡᠬᠦᠯᠳᠡᠷᠵᠢᠬᠦᠯᠬᠦ᠂ ᠡᠷᠡᠬᠦᠯ ᠤᠷᠴᠢᠨ ᠢ ᠪᠤᠢ ᠪᠤᠯᠭᠠᠬᠤ᠂ ᠡᠷᠡᠬᠦᠯ ᠦᠢᠯᠡᠰ ᠢ ᠬᠦᠭ᠍ᠵᠢᠬᠦᠯᠬᠦ ᠵᠡᠷᠬᠡ 5 ᠲᠠᠯ᠎ᠠ ᠡᠴᠡ 《ᠡᠷᠡᠬᠦᠯ ᠡᠩᠬᠡ ᠦᠪᠦᠷ ᠮᠤᠩᠭ᠋ᠤᠯ》 ᠢ᠋ ᠪᠠᠶᠢᠭᠤᠯᠬᠤ ᠴᠠᠭ ᠤᠨ ᠬᠤᠪᠢᠶᠠᠷᠢ ᠲᠤᠭᠳᠠᠭᠠᠵᠠᠢ ᠬᠡᠪᠡ᠃

    ᠱᠢ ᠮᠦᠧᠧ᠂ ᠤᠷᠢᠳᠴᠢᠯᠠᠨ ᠲᠤᠭᠠᠴᠠᠭᠠᠯᠠᠵᠤ ᠪᠠᠶᠢᠭ᠎ᠠ ᠪᠡᠷ 2030 ᠤᠨ ᠪᠤᠯᠬᠤ ᠳᠤ ᠦᠪᠦᠷ ᠮᠤᠩᠭ᠋ᠤᠯ ᠤᠨ ᠬᠦᠮᠦᠨ ᠲᠤᠮᠳᠠᠴᠢ ᠶᠢᠨ ᠨᠠᠰᠤᠯᠠᠯᠳᠠ 79 ᠬᠦᠷᠤᠨ᠎ᠠ᠂ ᠨᠢᠯᠬᠠᠰ ᠤᠨ ᠡᠨᠳᠡᠬᠦ ᠨᠤᠷᠮ᠎ᠠ ᠶᠢ 5% ᠪᠡᠷ ᠪᠠᠭᠤᠷᠠᠭᠤᠯᠵᠤ᠂ ᠵᠢᠷᠮᠦᠰᠤᠨ ᠪᠦᠰᠡᠬᠦᠢ ᠶᠢᠨ ᠡᠨᠳᠡᠬᠦ ᠨᠤᠷᠮ᠎ᠠ ᠶᠢ 12/10 ᠲᠦᠮᠡ ᠪᠡᠷ᠂ ᠬᠦᠨᠳᠤ ᠠᠷᠬᠠᠭ ᠡᠪᠡᠳᠴᠢᠳᠡᠨ ᠤ ᠡᠨᠳᠡᠬᠦ ᠨᠤᠷᠮ᠎ᠠ ᠶᠢ 30% ᠪᠡᠷ ᠪᠠᠭᠤᠷᠠᠭᠤᠯᠤᠨ᠎ᠠ᠃ ᠦᠮᠠᠨ ᠡᠪᠡᠳᠴᠢᠨ ᠳᠤ ᠨᠡᠷᠪᠡᠭ᠍ᠳᠡᠭᠰᠡᠳ ᠢ 5 ᠵᠢᠯ ᠤᠨ ᠠᠮᠢᠳᠤᠷᠠᠯ ᠤᠨ ᠬᠤᠭᠤᠴᠠᠭᠠᠨ ᠳᠤ ᠬᠦᠷᠬᠡᠬᠦ ᠨᠤᠷᠮ᠎ᠠ ᠶᠢ 15% ᠪᠡᠷ ᠲᠡᠭᠡᠭ᠍ᠰᠢᠯᠡᠬᠦᠯᠬᠦ ᠶᠢ ᠪᠡᠶᠡᠯᠡᠬᠦᠯᠦᠨ᠎ᠡ ᠬᠡᠵᠡᠢ᠃

ᠢᠷᠡᠯᠳᠡ᠄ ᠡᠷᠡᠬᠦᠯ ᠮᠡᠨᠳᠤ ᠶᠢᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121850362