蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠡᠮ ᠤᠨ ᠵᠦᠢᠯ ᠬᠤᠳᠠᠯᠳᠤᠨ ᠠᠪᠬᠤ ᠪᠠ ᠪᠤᠷᠤᠯᠠᠭᠤᠯᠬᠤ 《ᠬᠤᠶᠠᠷ ᠪᠠᠷᠢᠮᠲᠠ ᠶᠢᠨ ᠳᠦᠷᠢᠮ》 ᠤᠨ ᠬᠡᠷᠡᠭᠵᠢᠬᠦᠯᠬᠦ ᠲᠦᠰᠦᠯ ᠢ ᠲᠤᠭᠲᠠᠭᠠᠨ ᠨᠡᠶᠢᠳᠡᠯᠡᠪᠡ

2017-10-25 15:30

    ᠤᠶᠢᠷ᠎ᠠ ᠳᠤ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ 《ᠡᠮ ᠤᠨ ᠵᠦᠢᠯ ᠤᠨ ᠥᠢᠯᠡᠳᠪᠤᠷᠢᠯᠡᠯ ᠬᠦᠢᠯᠬᠡᠬᠡᠨ ᠬᠡᠷᠡᠭᠯᠡᠯᠲᠠ ᠶᠢᠨ ᠲᠦᠷᠦ ᠶᠢᠨ ᠪᠤᠳᠤᠯᠭ᠎ᠠ ᠶᠢ ᠤᠯᠠᠮ ᠴᠢᠨᠠᠬᠰᠢᠳᠠ ᠥᠬᠡᠷᠡᠴᠢᠯᠡᠨ ᠲᠡᠭᠦᠯᠳᠡᠷᠵᠢᠬᠦᠯᠬᠦ ᠲᠤᠬᠠᠢ ᠬᠡᠷᠡᠭᠵᠢᠬᠦᠯᠬᠦ ᠰᠠᠨᠠᠯ》(ᠳᠤᠷᠤᠭᠰᠢ ᠳᠦᠬᠦᠮᠴᠢᠯᠡᠬᠡᠳ 《ᠬᠡᠷᠡᠭᠵᠢᠬᠦᠯᠬᠦ ᠰᠠᠨᠠᠯ》ᠬᠡᠨ᠎ᠠ) ᠢ᠋ ᠲᠤᠭᠳᠠᠭᠠᠨ ᠨᠡᠶᠢᠲᠡᠯᠡᠪᠡ᠃ 《ᠬᠡᠷᠡᠭᠵᠢᠬᠦᠯᠬᠦ ᠰᠠᠨᠠᠯ》 ᠳ᠋ᠤ ᠳᠤᠳᠤᠷᠬᠠᠶᠢᠯᠠᠬᠰᠠᠨ ᠨᠢ᠂ ᠤᠷᠤᠨ ᠳᠠᠶᠠᠭᠠᠷ ᠢᠶᠡᠨ ᠡᠮ ᠤᠨ ᠵᠦᠢᠯ ᠬᠤᠳᠠᠯᠳᠤᠨ ᠠᠪᠬᠤ ᠪᠠ ᠪᠤᠷᠤᠯᠠᠭᠤᠯᠬᠤ 《ᠬᠤᠶᠠᠷ ᠪᠠᠷᠢᠮᠲᠠ ᠶᠢᠨ ᠳᠦᠷᠢᠮ》 ᠤ᠋ᠨ ᠱᠠᠭᠠᠷᠳᠠᠯᠭ᠎ᠠ ᠶᠢ ᠪᠦᠬᠦ ᠲᠠᠯ᠎ᠠ ᠪᠡᠷ ᠨᠠᠶᠢᠳᠠᠪᠤᠷᠢᠵᠢᠭᠤᠯᠬᠤ ᠶᠢᠨ ᠵᠡᠷᠭᠡᠴᠡᠭᠡ ᠥᠪᠡᠷᠲᠡᠬᠡᠨ ᠵᠠᠰᠠᠬᠤ ᠤᠷᠤᠨ ᠤ 《ᠬᠤᠶᠠᠷ ᠪᠠᠷᠢᠮᠲᠠ ᠶᠢᠨ ᠳᠦᠷᠢᠮ》 ᠤ᠋ᠨ ᠬᠡᠷᠡᠭᠵᠢᠬᠦᠯᠬᠦ ᠳᠦᠰᠦᠯ ᠲᠤᠭᠳᠠᠭᠠᠭᠵᠤ᠂ 2017 ᠤᠨ ᠤ ᠡᠴᠤᠰ ᠪᠤᠯᠬᠤ ᠳᠤ ᠤᠷᠤᠨ ᠳᠠᠶᠠᠭᠠᠷ ᠤᠨ ᠠᠯᠪᠠᠨ ᠡᠴᠡ ᠪᠠᠶᠢᠭᠤᠯᠤᠭᠰᠠᠨ ᠡᠮᠴᠢᠯᠡᠬᠡᠨ ᠤ ᠪᠠᠶᠢᠭᠤᠯᠤᠮᠵᠢ ᠨᠤᠭᠤᠳ ᠡᠮ ᠤᠨ ᠵᠦᠢᠯ ᠬᠤᠳᠠᠯᠳᠤᠨ ᠠᠪᠬᠤ ᠪᠠ ᠪᠤᠷᠤᠯᠠᠭᠤᠯᠬᠤ《ᠬᠤᠶᠠᠷ ᠪᠠᠷᠢᠮᠲᠠ ᠶᠢᠨ ᠳᠦᠷᠢᠮ》 ᠢ᠋ ᠪᠦᠬᠦ ᠲᠠᠯ᠎ᠠ ᠪᠡᠷ ᠬᠡᠷᠡᠭᠵᠢᠬᠦᠯᠬᠦ ᠬᠡᠷᠡᠭᠲᠠᠢ᠃ ᠬᠢᠨᠠᠨ ᠬᠠᠮᠢᠶᠠᠷᠬᠤ ᠠᠷᠭ᠎ᠠ ᠶᠢ ᠢᠳᠡᠪᠬᠢᠲᠠᠢ ᠰᠢᠨᠠᠴᠢᠯᠡᠨ᠂ ᠳᠠᠪᠴᠠᠩ ᠤᠨ ᠴᠢᠳᠠᠮᠵᠢ ᠪᠡᠨ ᠲᠡᠭᠦᠯᠳᠡᠷᠵᠢᠬᠦᠯᠵᠦ᠂ ᠮᠡᠳᠡᠭᠡᠯᠡᠯᠴᠢᠯᠡᠯᠲᠠ ᠶᠢ ᠬᠡᠷᠡᠭᠯᠡᠬᠦ ᠵᠡᠷᠭᠡ ᠳᠦᠬᠦᠮ ᠲᠦᠳᠡ ᠠᠷᠭ᠎ᠠ ᠪᠠᠷᠢᠯ ᠢᠶᠡᠷ《ᠬᠤᠶᠠᠷ ᠪᠠᠷᠢᠮᠲᠠ ᠶᠢᠨ ᠳᠦᠷᠢᠮ》 ᠤ᠋ᠨ ᠨᠠᠶᠢᠳᠠᠪᠤᠷᠢᠵᠢᠭᠤᠯᠤᠯᠲᠠ ᠶᠢ ᠠᠬᠢᠭᠤᠯᠤᠭᠠᠳ ᠠᠯᠪᠠᠨ ᠡᠴᠡ ᠪᠠᠶᠢᠭᠤᠯᠤᠭᠰᠠᠨ ᠡᠮᠴᠢᠯᠡᠬᠡᠨ ᠤ ᠪᠠᠶᠢᠭᠤᠯᠤᠮᠵᠢ ᠶᠢᠨ《ᠬᠤᠶᠠᠷ ᠪᠠᠷᠢᠮᠲᠠ ᠶᠢᠨ ᠳᠦᠷᠢᠮ》 ᠢ᠋ ᠰᠠᠶᠢᠳᠦᠷ ᠬᠡᠷᠡᠭᠵᠢᠬᠦᠯᠬᠦ ᠶᠢ ᠵᠢᠯᠤᠭᠤᠳᠬᠤ ᠬᠡᠷᠡᠭᠲᠠᠢ ᠭᠡᠪᠡ᠃

    《ᠬᠡᠷᠡᠭᠵᠢᠬᠦᠯᠬᠦ ᠰᠠᠨᠠᠯ》 ᠳ᠋ᠤ ᠴᠢᠬᠤᠯᠠᠴᠢᠯᠠᠬᠰᠠᠨ ᠨᠢ᠂ ᠡᠮ ᠤᠨ ᠵᠦᠢᠯ ᠤᠨ ᠬᠦᠢᠯᠭᠡᠭᠡᠨ ᠤ ᠠᠵᠤ ᠠᠬᠤᠶᠢᠯᠠᠯ᠂ ᠠᠯᠪᠠᠨ ᠡᠴᠡ ᠪᠠᠶᠢᠭᠤᠯᠤᠭᠰᠠᠨ ᠡᠮᠴᠢᠯᠡᠬᠡᠨ ᠤ ᠪᠠᠶᠢᠭᠤᠯᠤᠮᠵᠢ ᠨᠤᠭᠤᠳ ᠡᠮ ᠤᠨ ᠵᠦᠢᠯ ᠢ ᠬᠤᠳᠠᠯᠳᠤᠨ ᠠᠪᠬᠤ ᠪᠠ ᠪᠤᠷᠤᠯᠠᠭᠤᠯᠬᠤ ᠳᠤ ᠪᠦᠷᠢᠨ ᠲᠡᠭᠦᠯᠳᠡᠷ ᠮᠡᠳᠡᠭᠡ ᠵᠠᠩᠬᠢ ᠪᠦᠬᠦᠢ ᠬᠤᠳᠠᠯᠳᠤᠨ ᠠᠪᠤᠭᠰᠠᠨ ᠪᠠ ᠪᠤᠷᠤᠯᠠᠭᠤᠯᠤᠭᠰᠠᠨ ᠳᠡᠮᠳᠡᠭᠯᠡᠯ ᠪᠠᠶᠢᠭᠤᠯᠵᠤ᠂ ᠪᠠᠷᠢᠮᠲᠠ ᠪᠢᠴᠢᠭ᠌᠂ ᠳᠠᠩᠰᠠ᠂ ᠪᠠᠷᠠᠭ᠎ᠠ᠂ ᠪᠠᠷᠠᠭᠠᠨ ᠤ ᠮᠦᠩᠬᠦ ᠨᠢ ᠬᠠᠷᠢᠯᠴᠠᠨ ᠨᠢᠬᠡᠳᠤᠯᠲᠡᠢ ᠪᠠᠶᠢᠵᠤ᠂ ᠪᠠᠷᠠᠭ᠎ᠠ ᠳᠠᠭᠠᠬᠤ ᠬᠠᠭᠤᠳᠠᠰᠤ ᠶᠢ ᠡᠮ ᠤᠨ ᠵᠦᠢᠯ ᠲᠠᠢ ᠪᠡᠨ ᠬᠠᠮᠲᠤ ᠶᠠᠪᠤᠭᠤᠯᠬᠤ ᠬᠡᠷᠡᠭᠲᠠᠢ᠃ ᠡᠮ ᠤᠨ ᠵᠦᠢᠯ ᠤᠨ ᠬᠦᠢᠯᠬᠡᠬᠡᠨ ᠤ ᠠᠵᠤ ᠠᠬᠤᠶᠢᠯᠠᠯ ᠤᠨ ᠬᠤᠳᠠᠯᠳᠤᠨ ᠠᠪᠤᠭᠰᠠᠨ ᠪᠠ ᠪᠤᠷᠤᠯᠠᠭᠤᠯᠤᠭᠰᠠᠨ ᠳᠡᠮᠳᠡᠭᠯᠡᠯ ᠪᠤᠯᠤᠨ ᠪᠠᠷᠢᠮᠲᠠ ᠪᠢᠴᠢᠭ᠌ ᠤᠨ ᠬᠠᠮᠢᠶᠠᠷᠤᠯᠲᠠ ᠳᠤ ᠪᠠᠶᠢᠴᠠᠭᠠᠬᠤ ᠡᠷᠴᠢᠮ ᠢᠶᠡᠨ ᠴᠢᠩᠭ᠋ᠠᠷᠠᠭᠤᠯᠵᠤ᠂ ᠡᠮ ᠤᠨ ᠵᠦᠢᠯ ᠢ ᠪᠦᠬᠡᠮ ᠢᠶᠡᠷ ᠪᠤᠷᠤᠯᠠᠭᠤᠯᠬᠤ ᠠᠵᠤ ᠠᠬᠤᠶᠢᠯᠠᠯ᠂ ᠡᠮ ᠤᠨ ᠵᠦᠢᠯ ᠢ ᠵᠢᠵᠢᠭᠯᠡᠨ ᠬᠤᠳᠠᠯᠳᠤᠬᠤ ᠬᠡᠯᠬᠢᠶ᠎ᠠ ᠠᠵᠤ ᠠᠬᠤᠶᠢᠯᠠᠯ ᠤᠨ ᠶᠡᠷᠦᠩᠬᠡᠢ ᠬᠡᠯᠳᠡᠰ ᠲᠤ ᠤᠷᠤᠰᠢᠵᠤ ᠪᠠᠶᠢᠭ᠎ᠠ ᠪᠠᠷᠠᠭᠠᠨ ᠤ ᠳᠠᠩᠰᠠ ᠪᠠᠷᠢᠮᠲᠠ ᠪᠢᠴᠢᠭ᠌ ᠮᠦᠩᠬᠦ ᠨᠢ ᠠᠳᠠᠯᠢ ᠦᠬᠡᠢ ᠪᠠᠶᠢᠬᠤ᠂ ᠲᠤᠭ᠎ᠠ ᠪᠠᠷᠢᠮᠲᠠ ᠶᠢ ᠬᠤᠳᠠᠯ ᠬᠠᠭᠤᠷᠮᠠᠭ ᠢᠶᠡᠷ ᠵᠣᠬᠢᠶᠠᠬᠰᠠᠨ ᠵᠡᠷᠭᠡ ᠬᠠᠤᠯᠢ ᠲᠤᠭᠳᠠᠭᠠᠯ ᠡᠴᠡ ᠵᠦᠷᠢᠴᠡᠭᠰᠡᠨ ᠥᠢᠯᠡ ᠠᠵᠢᠯᠯᠠᠭ᠎ᠠ ᠳᠤ ᠲᠤᠰᠬᠠᠢ ᠴᠡᠭᠴᠡᠯᠡᠨ ᠵᠠᠰᠠᠯᠲᠠ ᠬᠢᠵᠦ᠂ ᠰᠢᠳᠬᠡᠬᠦ ᠡᠷᠴᠢᠮ ᠢᠶᠡᠨ ᠴᠢᠩᠭ᠋ᠠᠷᠠᠭᠤᠯᠬᠤ ᠬᠡᠷᠡᠭᠲᠠᠢ᠃ ᠠᠵᠤ ᠠᠬᠤᠶᠢᠯᠠᠯ ᠡᠮ ᠤᠨ ᠵᠦᠢᠯ ᠢ ᠪᠤᠷᠤᠯᠠᠭᠤᠯᠬᠤ ᠳᠠᠭᠠᠨ ᠲᠤᠭᠳᠠᠭᠠᠯ ᠶᠤᠰᠤᠭᠠᠷ ᠪᠠᠷᠢᠮᠲᠠ ᠪᠤᠯᠤᠨ ᠪᠤᠷᠤᠯᠠᠭᠤᠯᠤᠭᠰᠠᠨ ᠬᠡᠷᠡᠴᠢ ᠲᠡᠮᠳᠡᠭ ᠤᠯᠭᠤᠬᠤ ᠬᠡᠷᠡᠭᠳᠡᠢ᠃ ᠡᠮ ᠤᠨ ᠵᠦᠢᠯ  ᠬᠤᠳᠠᠯᠳᠤᠨ ᠠᠪᠬᠤ ᠪᠠ ᠪᠤᠷᠤᠯᠠᠭᠤᠯᠬᠤ ᠪᠠᠷᠢᠮᠲᠠ ᠪᠢᠴᠢᠭ᠌ ᠤᠨ ᠬᠠᠮᠢᠶᠠᠷᠤᠯᠲᠠ ᠶᠢ ᠵᠢᠷᠦᠮᠵᠢᠭᠤᠯᠬᠤ᠂ ᠡᠯᠧᠺᠲ᠋ᠷᠦᠨᠵᠢᠬᠦ ᠶᠢ ᠢᠳᠡᠪᠬᠢᠲᠠᠢ ᠳᠡᠯᠭᠡᠷᠡᠭᠦᠯᠵᠦ᠂ 《ᠬᠤᠶᠠᠷ ᠪᠠᠷᠢᠮᠲᠠ ᠶᠢᠨ ᠳᠦᠷᠢᠮ》 ᠤ᠋ᠨ ᠤᠷᠤᠭᠰᠢᠲᠠᠢ ᠬᠡᠷᠡᠭᠵᠢᠭᠦᠯᠦᠭᠳᠡᠭᠦ ᠶᠢ ᠪᠠᠲᠤᠯᠠᠬᠤ ᠬᠡᠷᠡᠭᠲᠠᠢ ᠬᠡᠪᠡ᠃

    《ᠬᠡᠷᠡᠭᠵᠢᠬᠦᠯᠬᠦ ᠰᠠᠨᠠᠯ》 ᠳ᠋ᠤ ᠱᠠᠭᠠᠷᠳᠠᠭᠰᠠᠨ ᠨᠢ᠂ ᠡᠮ ᠤᠨ ᠵᠦᠢᠯ ᠢ ᠲᠦᠷᠦᠯ ᠬᠤᠪᠢᠶᠠᠨ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠢᠯᠡ ᠲᠤᠳᠤ᠂ ᠲᠦᠪ ᠭᠤᠤᠯᠴᠢ ᠪᠡᠷ ᠦᠷᠢᠰᠦᠯᠳᠦᠬᠦ ᠵᠠᠷᠴᠢᠮ ᠶᠤᠰᠤᠭᠠᠷ᠂ ᠬᠢᠨᠠᠨ ᠲᠤᠬᠲᠠᠭᠠᠬᠤ ᠬᠦᠴᠦᠨ ᠵᠦᠢᠯ ᠢ ᠰᠢᠨᠵᠢᠯᠡᠬᠦ ᠤᠬᠠᠭᠠᠨᠴᠢ ᠪᠡᠷ ᠪᠠᠶᠢᠷᠢᠯᠠᠭᠤᠯᠵᠤ᠂ ᠠᠯᠪᠠᠨ ᠡᠴᠡ ᠪᠠᠶᠢᠭᠤᠯᠤᠭᠰᠠᠨ ᠡᠮᠴᠢᠯᠡᠬᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠲᠦᠪᠯᠡᠷᠡᠭᠦᠯᠦᠨ ᠬᠤᠳᠠᠯᠳᠤᠨ ᠠᠪᠬᠤ ᠠᠵᠢᠯᠯᠠᠭᠠᠨ ᠳᠤ ᠤᠷᠤᠯᠴᠠᠬᠤ ᠬᠡᠮᠵᠢᠶ᠎ᠠ ᠶᠢ ᠤᠯᠠᠮ ᠳᠡᠭᠡᠭ᠍ᠰᠢᠯᠡᠬᠦᠯᠬᠦ ᠬᠡᠷᠡᠭᠲᠠᠢ᠃ ᠬᠤᠲᠠ ᠶᠢᠨ ᠠᠯᠪᠠᠨ ᠡᠴᠡ ᠪᠠᠶᠢᠭᠤᠯᠤᠭᠰᠠᠨ ᠡᠮᠴᠢᠯᠡᠬᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠠ ᠶᠢᠨ ᠲᠤᠷᠰᠢᠯᠲᠠ ᠶᠢᠨ ᠴᠢᠭ ᠤᠨ ᠠᠶᠢᠮᠠᠭ ᠬᠤᠲᠠ ᠨᠢ ᠥᠪᠡᠷᠲᠡᠬᠡᠨ ᠵᠠᠰᠠᠬᠤ ᠤᠷᠤᠨ ᠤ ᠡᠮ ᠤᠨ ᠵᠦᠢᠯ ᠢ ᠲᠦᠪᠯᠡᠷᠡᠭᠦᠯᠦᠨ ᠬᠤᠳᠠᠯᠳᠤᠨ ᠠᠪᠬᠤ ᠳᠠᠪᠴᠠᠩ ᠤᠨ ᠬᠢᠨᠠᠯᠲᠠ ᠳᠤᠤᠷ᠎ᠠ᠂ ᠥᠪᠡᠷᠲᠡᠬᠡᠨ ᠬᠤᠳᠠᠯᠳᠤᠨ ᠠᠪᠬᠤ ᠪᠠ ᠤᠷᠤᠨ ᠪᠦᠰᠡ ᠠᠯᠤᠰᠯᠠᠵᠤ ᠬᠠᠮᠳᠤᠷᠠᠨ ᠬᠤᠳᠠᠯᠳᠤᠨ ᠠᠪᠬᠤ ᠠᠵᠢᠯᠯᠠᠭ᠎ᠠ ᠦᠷᠨᠢᠬᠦᠯᠬᠦ ᠶᠢ ᠶᠡᠬᠡᠪᠡᠷ ᠠᠬᠢᠭᠤᠯᠬᠤ ᠬᠡᠷᠡᠭᠲᠠᠢ᠃ 《ᠥᠪᠡᠷᠲᠡᠬᠡᠨ ᠵᠠᠰᠠᠬᠤ ᠤᠷᠤᠨ ᠤ ᠨᠢᠬᠡ ᠳᠠᠪᠴᠠᠩ᠂ ᠳᠠᠭᠠᠭᠠᠴᠢᠯᠠᠯᠲᠠ ᠵᠠᠷᠯᠠᠬᠤ ᠬᠤᠳᠠᠯᠳᠤᠨ ᠠᠪᠬᠤ ᠶᠢ ᠨᠢᠬᠡᠳᠬᠡᠬᠦ᠂ ᠬᠡᠮᠵᠢᠶ᠎ᠠ ᠪᠠ ᠦᠨ᠎ᠠ ᠬᠠᠩᠰᠢ ᠶᠢ ᠬᠤᠯᠪᠤᠭᠳᠠᠭᠤᠯᠬᠤ》ᠵᠡᠷᠭᠡ ᠵᠠᠷᠴᠢᠮ ᠢ ᠪᠠᠷᠢᠮᠲᠠᠯᠠᠬᠰᠠᠨ ᠰᠠᠭᠤᠷᠢᠨ ᠳᠡᠭᠡᠷ᠎ᠠ ᠡᠮᠴᠢᠯᠡᠬᠡᠨ ᠤ ᠬᠤᠯᠪᠤᠭᠠᠲᠤ ᠴᠤᠬᠴᠠ ᠶᠢᠨ ᠬᠡᠮᠵᠢᠶ᠎ᠠ ᠪᠤᠯᠤᠨ ᠲᠦᠰᠦᠪ ᠢᠶᠡᠷ ᠢᠶᠡᠨ ᠬᠤᠳᠠᠯᠳᠤᠨ ᠠᠪᠬᠤ ᠶᠢ ᠪᠦᠬᠦ ᠲᠠᠯ᠎ᠠ ᠪᠡᠷ ᠲᠦᠯᠬᠢᠨ ᠠᠬᠢᠭᠤᠯᠬᠤ ᠬᠡᠷᠡᠭᠲᠠᠢ ᠬᠡᠵᠡᠢ᠃

ᠢᠷᠡᠯᠳᠡ᠄ ᠥᠪᠦᠷ ᠮᠣᠩᠭ᠋ᠤᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121854784