蒙古文网站Logo
ᠰᠢᠨᠬᠤᠸᠠ ᠮᠤᠩᠭ᠋ᠤᠯ ᠨᠧᠲ

ᠬᠦᠯᠳᠡᠭᠡᠭ᠍ᠰᠡᠨ ᠬᠦᠨᠡᠰᠦᠨ ᠤ ᠬᠠᠳᠠᠭᠠᠯᠠᠬᠤ ᠬᠤᠭᠤᠴᠠᠭ᠎ᠠ ᠶᠢ ᠠᠩᠬᠠᠷᠪᠠᠯ ᠵᠣᠬᠢᠨ᠎ᠠ

2017-11-02 16:11

    ᠬᠦᠨᠡᠰᠦᠨ ᠤ ᠴᠢᠨᠠᠷ ᠬᠤᠪᠢᠷᠠᠬᠤ ᠡᠴᠡ ᠰᠡᠷᠬᠡᠶᠢᠯᠡᠵᠤ ᠬᠦᠯᠳᠡᠭᠡᠭᠦᠷ ᠲᠤ ᠲᠠᠯᠪᠢᠪᠠᠯ ᠲᠦᠮᠡᠨ ᠬᠡᠷᠡᠭ ᠲᠡᠭᠦᠰ ᠪᠦᠲᠦᠴᠢᠬᠡᠨ᠎ᠡ ᠬᠡᠵᠤ  ᠤᠤ ? ᠠᠩᠭ᠍ᠯᠢ ᠶᠢᠨ ᠠᠶᠢᠯ ᠡᠷᠦᠬᠡ  ᠶᠢᠨ ᠠᠵᠤ ᠵᠦᠢ ᠶᠢᠨ ᠨᠡᠶᠢᠬᠡᠮᠯᠢᠭ᠌ ᠠᠯᠪᠠᠨ ᠤ ᠨᠧᠲ ᠲᠤ ᠪᠡᠨ᠂ ᠬᠦᠨᠡᠰᠦ ᠶᠢ ᠬᠦᠯᠳᠡᠭᠡᠭ᠍ᠰᠡᠨ ᠴᠤ ᠪᠠᠰᠠ ᠬᠠᠳᠠᠭᠠᠯᠠᠬᠤ ᠬᠤᠭᠤᠴᠠᠭ᠎ᠠ ᠲᠠᠢ᠂ ᠠᠳᠠᠯᠢ ᠪᠤᠰᠤ ᠬᠦᠨᠡᠰᠦᠨ ᠤ ᠬᠠᠳᠠᠭᠠᠯᠠᠵᠤ ᠪᠤᠯᠬᠤ ᠬᠤᠭᠤᠴᠠᠭ᠎ᠠ ᠨᠢ ᠠᠳᠠᠯᠢ ᠦᠭᠡᠢ ᠪᠦᠬᠡᠳ ᠬᠦᠮᠦᠰ ᠤᠨ ᠪᠤᠳᠤᠭᠰᠠᠨ ᠰᠢᠬ ᠤᠷᠲᠤ ᠬᠤᠭᠤᠴᠠᠭ᠎ᠠ ᠬᠠᠳᠠᠭᠠᠯᠠᠵᠤ ᠪᠤᠯᠳᠠᠭ ᠦᠬᠡᠢ ᠬᠡᠵᠤ ᠢᠯᠡᠷᠬᠡᠶᠢᠯᠡᠭᠰᠡᠨ ᠪᠠᠶᠢᠨ᠎ᠠ᠃

    ᠠᠶᠢᠯ ᠡᠷᠦᠬᠡ  ᠶᠢᠨ ᠠᠵᠤ ᠵᠦᠢ  ᠶᠢᠨ ᠨᠡᠶᠢᠬᠡᠮᠯᠢᠭ᠌ ᠤᠨ ᠬᠢᠨ ᠤ  ᠬᠡᠯᠡᠬᠦ ᠪᠡᠷ᠂ ᠲᠠᠬᠢᠶ᠎ᠠ᠂ ᠨᠤᠭᠤᠰᠤ᠂ ᠦᠬᠡᠷ᠂ ᠬᠣᠨᠢ᠂ ᠭᠠᠬᠠᠢ ᠶᠢᠨ ᠮᠢᠬᠠᠨ ᠤ ᠬᠦᠯᠳᠡᠭᠡᠵᠤ ᠬᠠᠳᠠᠭᠠᠯᠠᠬᠤ ᠬᠤᠭᠤᠴᠠᠭ᠎ᠠ ᠶᠢ ᠬᠠᠮᠤᠭ ᠤᠨ ᠰᠠᠶᠢᠨ ᠨᠢ 6 ᠰᠠᠷ᠎ᠠ ᠡᠴᠡ ᠬᠡᠲᠤᠷᠡᠭᠦᠯᠬᠦ ᠦᠬᠡᠢ᠂ ᠳᠠᠪᠤᠰᠤᠯᠠᠬᠰᠠᠨ ᠮᠢᠬᠠᠨ ᠤ ᠵᠦᠢᠯ ᠤᠨ ᠬᠠᠳᠠᠭᠠᠯᠠᠬᠤ ᠬᠤᠭᠤᠴᠠᠭ᠎ᠠ ᠶᠢ ᠬᠠᠮᠤᠭ ᠤᠨ ᠰᠠᠶᠢᠨ ᠨᠢ 3 ᠰᠠᠷ᠎ᠠ ᠡᠴᠡ ᠬᠡᠲᠤᠷᠡᠭᠦᠯᠬᠦ ᠦᠬᠡᠢ ;ᠵᠢᠭᠠᠰᠤᠨ ᠤ ᠲᠦᠷᠦᠯ ᠳᠤ᠂ ᠥᠬᠡᠬᠦ ᠶᠡᠬᠡᠳᠡᠢ ᠵᠢᠭᠠᠰᠤ ᠪᠠ ᠵᠢᠭᠠᠰᠤᠨ ᠤ ᠮᠢᠬ᠎ᠠ ᠶᠢᠨ ᠬᠦᠯᠳᠡᠭᠡᠬᠦ ᠬᠤᠭᠤᠴᠠᠭ᠎ᠠ ᠶᠢ 4 ᠰᠠᠷ᠎ᠠ ᠡᠴᠡ ᠬᠡᠳᠤᠷᠠᠬᠦᠯᠬᠦ ᠦᠬᠡᠢ; ᠴᠠᠭᠠᠨ ᠲᠤᠯᠤ ᠵᠢᠭᠠᠰᠤ ᠶᠢ ᠬᠦᠯᠳᠡᠭᠡᠬᠦ ᠬᠤᠭᠤᠴᠠᠭ᠎ᠠ ᠶᠢ 8 ᠰᠠᠷ᠎ᠠ ᠡᠴᠡ ᠬᠡᠳᠤᠷᠠᠬᠦᠯᠬᠦ ᠦᠬᠡᠢ ᠪᠠᠶᠢᠬᠤ; ᠪᠤᠴᠠᠯᠤᠭᠰᠠᠨ ᠤᠰᠤ ᠪᠡᠷ ᠪᠤᠷᠤᠯᠠᠭᠤᠯᠤᠭᠰᠠᠨ ᠬᠦᠨᠡᠰᠦᠨ ᠤ ᠨᠤᠭᠤᠭ᠎ᠠ ᠶᠢ 10 -12 ᠰᠠᠷ᠎ᠠ ᠬᠦᠯᠳᠡᠭᠡᠵᠤ ᠪᠤᠯᠤᠨ᠎ᠠ᠂ ᠪᠤᠷᠤᠯᠠᠭᠤᠯᠤᠭᠰᠠᠨ ᠦᠬᠡᠢ ᠬᠦᠨᠡᠰᠦᠨ ᠤ ᠨᠤᠭᠤᠭ᠎ᠠ ᠶᠢ ᠵᠦᠪᠬᠡᠨ 3- 4 ᠰᠠᠷ᠎ᠠ ᠬᠦᠯᠳᠡᠭᠡᠵᠤ ᠪᠤᠯᠤᠨ᠎ᠠ᠃ ᠡᠬᠦᠨ ᠳᠤ᠂ ᠲᠦᠪᠡᠳ ᠬᠠᠰᠢ ᠶᠢ 8 ᠰᠠᠷ᠎ᠠ ᠬᠦᠯᠳᠡᠭᠡᠵᠤ ᠪᠤᠯᠤᠨ᠎ᠠ ᠭᠡᠨ᠎ᠠ᠃

    ᠠᠶᠢᠯ ᠡᠷᠦᠬᠡ  ᠶᠢᠨ ᠠᠵᠤ ᠵᠦᠢ  ᠶᠢᠨ ᠨᠡᠶᠢᠬᠡᠮᠯᠢᠭ᠌ ᠤᠨ ᠬᠢᠨ᠂ ᠪᠦᠷᠢᠯᠬᠡᠨ ᠰᠦᠢᠳᠬᠡᠬᠦ ᠶᠢ ᠪᠠᠭᠠᠰᠬᠠᠬᠤ ᠶᠢᠨ ᠲᠤᠰᠠᠲᠠ᠂ ᠬᠦᠨᠡᠰᠦ ᠪᠡᠨ ᠬᠦᠯᠳᠡᠭᠡᠬᠦᠷ ᠲᠤ ᠬᠢᠵᠤ ᠬᠠᠳᠠᠭᠠᠯᠠᠬᠤ ᠡᠴᠡ ᠡᠮᠦᠨ᠎ᠠ ᠳᠡᠮᠳᠡᠭ ᠨᠠᠭᠠᠵᠤ᠂ ᠬᠠᠳᠠᠭᠠᠯᠠᠬᠰᠠᠨ ᠬᠤᠭᠤᠴᠠᠭ᠎ᠠ ᠪᠠ ᠡᠳ᠋ᠯᠡᠬᠦ ᠬᠤᠭᠤᠴᠠᠭ᠎ᠠ ᠪᠡᠨ ᠳᠤᠳᠤᠷᠬᠠᠶᠢᠯᠠᠪᠠᠯ ᠬᠠᠮᠤᠭ ᠤᠨ ᠰᠠᠶᠢᠨ ᠬᠡᠵᠤ ᠰᠠᠨᠠᠭᠤᠯᠪᠡ᠃

ᠢᠷᠡᠯᠳᠡ᠄ ᠪᠡᠬᠡᠵᠢᠩ ᠤᠨ ᠥᠷᠯᠦᠬᠡᠨ ᠤ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121896783