蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠠᠷᠠᠳ ᠤᠨ ᠡᠮᠨᠡᠯᠬᠡ ᠶᠢᠨ ᠬᠤᠷᠢᠶ᠎ᠠ ᠲᠠᠪᠤᠳᠤᠭᠠᠷ ᠬᠤᠭᠤᠴᠠᠭᠠᠨ ᠤ ᠤᠯᠤᠰ ᠲᠠᠶᠠᠭᠠᠷ ᠤᠨ ᠪᠤᠯᠪᠠᠰᠤᠨ ᠨᠢᠭᠡᠴᠡ ᠶᠢᠨ ᠢᠷᠠᠭᠤ ᠠᠯᠳᠠᠷ ᠢ ᠬᠦᠷᠳᠡᠪᠡ

2017-11-20 16:50

    11 ᠰᠠᠷ᠎ᠠ ᠶᠢᠨ 17 ᠤ ᠡᠳᠤᠷ᠂ ᠤᠯᠤᠰ ᠲᠠᠶᠠᠭᠠᠷ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠬᠦᠬᠢᠬᠦᠯᠤᠨ ᠰᠠᠶᠢᠰᠢᠶᠠᠬᠤ ᠶᠡᠬᠡ ᠬᠤᠷᠠᠯ ᠪᠡᠭᠡᠵᠢᠩ ᠳᠤ ᠵᠤᠬᠢᠶᠠᠨ ᠪᠠᠶᠢᠭᠤᠯᠤᠭᠳᠠᠪᠠ᠃ ᠬᠤᠷᠠᠯ ᠳᠤ᠂ ᠲᠠᠪᠤᠳᠤᠭᠠᠷ ᠬᠤᠭᠤᠴᠠᠭᠠᠨ ᠤ ᠤᠯᠤᠰ ᠲᠠᠶᠠᠭᠠᠷ ᠤᠨ ᠪᠤᠯᠪᠠᠰᠤᠨ ᠬᠤᠳᠠ᠂ ᠪᠤᠯᠪᠠᠰᠤᠨ ᠬᠦᠳᠡᠬᠡ ᠲᠤᠰᠬᠤᠨ᠂ ᠪᠤᠯᠪᠠᠰᠤᠨ ᠨᠢᠭᠡᠴᠡ ᠪᠤᠯᠤᠨ ᠨᠢᠬᠡᠳᠦᠭᠡᠷ ᠬᠤᠭᠤᠴᠠᠭᠠᠨ ᠤ ᠪᠤᠯᠪᠠᠰᠤᠨ ᠰᠤᠷᠭᠠᠭᠤᠯᠢ ᠶᠢ ᠬᠦᠬᠢᠬᠦᠯᠦᠨ ᠰᠠᠶᠢᠰᠢᠶᠠᠪᠠ᠃ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠡᠮᠨᠡᠯᠬᠡ ᠶᠢᠨ ᠬᠤᠷᠢᠶ᠎ᠠ 2008 ᠤᠨ ᠳᠤ ᠤᠯᠤᠰ ᠲᠠᠶᠠᠭᠠᠷ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠡᠷᠢᠬᠦᠨ ᠤ ᠨᠢᠭᠡᠴᠡ ᠶᠢᠨ ᠠᠯᠳᠠᠷ ᠢ ᠬᠦᠷᠳᠡᠭᠰᠡᠨ ᠡᠴᠡ ᠨᠠᠰᠢ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠡᠯᠪᠠᠭ᠌ ᠪᠦᠲᠦᠭᠡᠯ ᠢᠶᠡᠷ ᠢᠶᠡᠨ ᠲᠠᠬᠢᠨᠳᠠ ᠲᠤᠳᠤᠷᠠᠪᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠶᠡᠬᠡ ᠬᠤᠷᠠᠯ ᠢᠶᠡᠷ ᠤᠯᠤᠰ ᠲᠠᠶᠠᠭᠠᠷ ᠤᠨ ᠨᠡᠶᠢᠳᠡ 2318 ᠨᠢᠭᠡᠴᠡ ᠶᠢ ᠬᠦᠬᠢᠬᠦᠯᠦᠨ ᠰᠠᠶᠢᠰᠢᠶᠠᠵᠠᠢ᠃ ᠡᠬᠦᠨ ᠳᠤ᠂ ᠡᠷᠡᠬᠦᠯ ᠮᠡᠨᠳᠤ ᠲᠦᠯᠦᠪᠯᠡᠬᠡᠳᠤ ᠦᠷᠡᠵᠢᠯ ᠤᠨ ᠰᠢᠰ᠋ᠲ᠋ᠧᠮ ᠤᠨ 34 ᠨᠢᠭᠡᠴᠡ ᠶᠢᠨ ᠲᠤᠳᠤᠷ᠎ᠠ ᠦᠪᠦᠷ ᠮᠤᠩᠭᠤᠯ ᠤᠨ ᠠᠷᠠᠳ ᠤᠨ ᠡᠮᠨᠡᠯᠬᠡ ᠶᠢᠨ ᠬᠤᠷᠢᠶ᠎ᠠ ᠪᠠᠭᠳᠠᠭᠰᠠᠨ ᠪᠠᠶᠢᠨ᠎ᠠ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120691121983561