蒙古文网站Logo
ᠰᠢᠨᠬᠤᠸᠠ ᠮᠤᠩᠭ᠋ᠤᠯ ᠨᠧᠲ

ᠥᠪᠦᠷ ᠮᠣᠩ᠋ᠭᠤᠯ ᠵᠢᠷᠮᠦᠰᠦᠨ ᠪᠦᠰᠡᠭᠦᠢ ᠳᠤ 《ᠦᠩᠬᠡᠲᠠᠢ》ᠠᠶᠤᠯᠬᠦᠢ ᠬᠠᠮᠢᠶᠠᠷᠤᠯᠲᠠ ᠬᠡᠷᠡᠭᠵᠢᠭᠦᠯᠪᠡ

2017-11-23 17:41

    ᠰᠢᠨᠬᠤᠧᠠ ᠬᠤᠷᠢᠶ᠎ᠠ   ᠬᠦᠬᠡᠬᠤᠲᠠ ᠶᠢᠨ 11 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠵᠠᠩ ᠯᠢ ᠨᠠ) ᠰᠤᠷᠪᠤᠯᠵᠢᠯᠠᠬᠴᠢ ᠤᠶᠢᠷ᠎ᠠ ᠳᠤ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠲᠤ ᠦᠷᠡᠵᠢᠯ ᠤᠨ ᠵᠦᠪᠯᠡᠯ ᠡᠴᠡ ᠤᠶᠢᠯᠠᠭᠠᠭᠰᠠᠨ ᠢᠶᠡᠷ᠂ ᠡᠬᠡ ᠨᠢᠯᠬᠠᠰ ᠤᠨ ᠡᠷᠡᠬᠦᠯ ᠮᠡᠨᠳᠤ ᠶᠢᠨ ᠥᠢᠯᠡᠴᠢᠯᠡᠬᠡᠨ ᠤ ᠬᠠᠮᠢᠶᠠᠷᠤᠯᠲᠠ ᠶᠢ ᠤᠯᠠᠮ ᠴᠢᠩ᠋ᠭᠠᠳᠬᠠᠵᠤ᠂ ᠵᠢᠷᠮᠦᠰᠦᠨ ᠪᠦᠰᠡᠭᠦᠢ ᠪᠠ ᠨᠢᠯᠬᠠᠰ ᠤᠨ ᠡᠨᠳᠡᠯ ᠢ ᠰᠡᠷᠭᠡᠶᠢᠯᠡᠬᠦ ᠪᠠ ᠪᠠᠭᠠᠰᠬᠠᠵᠤ᠂ ᠡᠬᠡ ᠨᠢᠯᠬᠠᠰ ᠤᠨ ᠠᠶᠤᠯᠬᠦᠢ ᠶᠢ ᠪᠠᠲᠤᠯᠠᠬᠤ ᠶᠢᠨ ᠲᠦᠯᠦᠬᠡ ᠥᠪᠦᠷ ᠮᠣᠩ᠋ᠭᠤᠯ ᠵᠢᠷᠮᠦᠰᠦᠨ ᠪᠦᠰᠡᠭᠦᠢ ᠳᠤ《ᠨᠤᠭᠤᠭᠠᠨ》᠂《ᠰᠢᠷ᠎ᠠ》᠂《ᠤᠯᠠᠪᠤᠷ》᠂《ᠤᠯᠠᠭᠠᠨ》᠂《ᠬᠦᠷᠡᠩ》ᠦᠩᠬᠡ ᠶᠢᠨ ᠡᠮᠴᠢᠯᠡᠬᠡᠨ ᠤ ᠥᠢᠯᠡᠴᠢᠯᠡᠬᠡ ᠬᠡᠷᠡᠭᠵᠢᠬᠦᠯᠤᠨ ᠲᠤᠰᠬᠠᠢ ᠬᠠᠮᠢᠶᠠᠷᠤᠯᠲᠠ ᠶᠢ ᠴᠢᠩᠭ᠎ᠠ ᠨᠢᠮᠪᠡᠢ ᠶᠠᠪᠤᠭᠳᠠᠭᠤᠯᠤᠨ᠎ᠠ᠃

    ᠤᠶᠢᠯᠠᠭᠠᠭᠰᠠᠨ ᠢᠶᠡᠷ᠂ ᠥᠪᠦᠷ ᠮᠣᠩ᠋ᠭᠤᠯ ᠤᠨ ᠡᠯ᠎ᠠ ᠵᠡᠷᠭᠡᠯᠡᠯ ᠤᠨ ᠡᠮᠨᠡᠯᠬᠡ ᠠᠩᠬ᠎ᠠ ᠡᠪᠡᠳᠴᠢᠨ ᠦᠵᠡᠵᠤ ᠳᠠᠩᠰᠠ ᠪᠠᠶᠢᠭᠤᠯᠵᠤ ᠪᠠᠶᠢᠭ᠎ᠠ ᠵᠢᠷᠮᠦᠰᠦᠨ ᠪᠦᠰᠡᠭᠦᠢ ᠳᠤ ᠵᠢᠷᠮᠦᠰᠦᠯᠡᠬᠦ ᠲᠦᠭᠰᠢᠬᠦᠷᠢ ᠶᠢᠨ ᠪᠠᠶᠢᠴᠠᠭᠠᠯᠲᠠ ᠬᠢᠬᠦ ᠪᠡᠷ ᠳᠠᠮᠵᠢᠨ ᠲᠦᠭᠰᠢᠬᠦᠷᠢ ᠶᠢᠨ ᠬᠦᠨᠳᠤ ᠨᠣᠴᠢᠲᠠᠢ ᠬᠢᠷᠢ ᠲᠦᠪᠰᠢᠨ ᠢ ᠨᠢ 《ᠨᠤᠭᠤᠭᠠᠨ(ᠲᠦᠭᠰᠢᠬᠦᠷᠢ ᠪᠠᠭ᠎ᠠ)᠂ ᠰᠢᠷ᠎ᠠ (ᠡᠩ ᠤᠨ ᠲᠦᠭᠰᠢᠬᠦᠷᠢ )᠂ ᠤᠯᠠᠪᠤᠷ(ᠲᠦᠭᠰᠢᠬᠦᠷᠢ ᠨᠠᠯᠢᠶᠡᠳ ᠶᠡᠬᠡ)᠂ ᠤᠯᠠᠭᠠᠨ (ᠲᠦᠭᠰᠢᠬᠦᠷᠢ ᠶᠡᠬᠡ)᠂ ᠬᠦᠷᠡᠩ (ᠬᠠᠯᠳᠠᠪᠤᠷᠢᠲᠤ ᠡᠪᠡᠳᠴᠢᠨ)》ᠬᠡᠵᠤ 5 ᠦᠩᠬᠡ ᠪᠡᠷ ᠵᠡᠷᠭᠡᠯᠡᠯ ᠬᠤᠪᠢᠶᠠᠵᠤ ᠲᠡᠮᠳᠡᠭᠯᠡᠬᠦ ᠶᠢᠨ ᠵᠡᠷᠭᠡᠴᠡᠭᠡ ᠳᠠᠩᠰᠠ ᠪᠠᠶᠢᠭᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122001550