蒙古文网站Logo
ᠰᠢᠨᠬᠤᠸᠠ ᠮᠤᠩᠭ᠋ᠤᠯ ᠨᠧᠲ

ᠠᠶᠢᠽ ᠡᠪᠡᠳᠴᠢᠨ ᠤ ᠡᠳᠦᠷ — ᠥᠪᠦᠷ ᠮᠣᠩᠭ᠋ᠤᠯ ᠠᠶᠢᠽ ᠡᠪᠡᠳᠴᠢᠨ ᠢ ᠶᠡᠷᠦᠩᠬᠡᠢ ᠳᠤ ᠨᠢ ᠳᠤᠤᠷ᠎ᠠ ᠳᠠᠷᠬᠠᠯᠲᠠ ᠶᠢᠨ ᠪᠠᠶᠢᠳᠠᠯ ᠳᠤ ᠬᠢᠵᠠᠭᠠᠷᠯᠠᠵᠤ ᠪᠠᠶᠢᠨ᠎ᠠ

2017-12-01 17:41

    ᠰᠤᠷᠪᠤᠯᠵᠢᠯᠠᠬᠴᠢ 11 ᠰᠠᠷ᠎ᠠ ᠶᠢᠨ 30 ᠤ ᠡᠳᠦᠷ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠤᠪᠯᠡᠭᠡᠲᠤ ᠦᠷᠡᠵᠢᠯ ᠤᠨ ᠵᠦᠪᠯᠡᠯ ᠡᠴᠡ ᠤᠶᠢᠯᠠᠭᠠᠭᠰᠠᠨ ᠢᠶᠡᠷ᠂ 10 ᠰᠠᠷ᠎ᠠ ᠶᠢᠨ 31 ᠤ ᠡᠳᠦᠷ ᠪᠤᠯᠲᠠᠯ᠎ᠠ᠂ ᠥᠪᠦᠷ ᠮᠣᠩᠭ᠋ᠤᠯ  ᠳᠤ ᠢᠯᠡᠷᠡᠭᠦᠯᠦᠭᠰᠡᠨ ᠠᠶᠢᠽ ᠡᠪᠡᠳᠴᠢᠨ ᠳᠤ ᠬᠠᠯᠳᠠᠪᠤᠷᠢᠯᠠᠬᠳᠠᠬᠴᠢ ᠪᠤᠯᠤᠨ ᠡᠪᠡᠳᠴᠢᠲᠠᠨ ᠨᠡᠶᠢᠯᠡᠭᠡᠳ 4484 ᠬᠦᠮᠦᠨ ᠪᠤᠯᠪᠠ᠂ ᠡᠬᠦᠨ ᠳᠤ 428 ᠬᠦᠮᠦᠨ ᠨᠠᠰᠤ ᠪᠠᠷᠠᠵᠤ᠂ 4056 ᠬᠦᠮᠦᠨ ᠨᠢ ᠠᠮᠢᠳᠤ ᠪᠠᠶᠢᠨ᠎ᠠ᠃

    ᠤᠶᠢᠯᠠᠭᠠᠭᠰᠠᠨ ᠢᠶᠡᠷ᠂ ᠰᠡᠬᠦᠯ ᠤᠨ ᠵᠢᠯ ᠤᠳ ᠲᠤ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠶᠢᠽ ᠡᠪᠡᠳᠴᠢᠨ ᠢ ᠵᠠᠰᠠᠵᠤ ᠰᠡᠷᠬᠡᠶᠢᠯᠡᠬᠦ ᠠᠵᠢᠯ ᠢ ᠳᠡᠭᠡᠲᠤ ᠬᠡᠮᠵᠢᠶ᠎ᠠ ᠪᠡᠷ ᠴᠢᠬᠤᠯᠠᠴᠢᠯᠠᠵᠤ᠂ ᠰᠡᠷᠬᠡᠶᠢᠯᠡᠵᠦ ᠬᠢᠵᠠᠭᠠᠷᠯᠠᠬᠤ ᠬᠦᠴᠦᠨ ᠢ ᠲᠠᠰᠤᠷᠠᠯᠲᠠ ᠦᠬᠡᠢ ᠴᠢᠩᠭ᠋ᠠᠳᠬᠠᠨ᠂ ᠥᠪᠡᠷᠲᠡᠬᠡᠨ ᠵᠠᠰᠠᠬᠤ ᠤᠷᠤᠨ ᠳᠤ ᠲᠤᠬᠢᠷᠠᠬᠰᠠᠨ ᠵᠠᠰᠠᠵᠤ ᠰᠡᠷᠬᠡᠶᠢᠯᠡᠬᠦ ᠠᠷᠭ᠎ᠠ ᠬᠡᠮᠵᠢᠶ᠎ᠠ ᠶᠢ ᠢᠳᠡᠪᠬᠢᠲᠠᠢ ᠬᠠᠶᠢᠨ ᠰᠦᠪᠡᠭ᠍ᠴᠢᠯᠡᠵᠤ᠂ ᠵᠠᠰᠠᠵᠤ ᠰᠡᠷᠬᠡᠶᠢᠯᠡᠬᠦ ᠠᠵᠢᠯ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠰᠢᠢᠳᠪᠤᠷᠢᠯᠡᠭᠰᠡᠨ ᠢᠶᠡᠷ ᠠᠶᠢᠽ ᠡᠪᠡᠳᠴᠢᠨ ᠢ ᠶᠡᠷᠦᠩᠬᠡᠢ ᠳᠤ ᠨᠢ ᠳᠤᠤᠷ᠎ᠠ ᠳᠠᠷᠬᠠᠯᠲᠠ ᠶᠢᠨ ᠪᠠᠶᠢᠳᠠᠯ ᠳᠤ ᠬᠢᠵᠠᠭᠠᠷᠯᠠᠪᠠ᠃ ᠥᠨᠥ ᠵᠢᠯ ᠤᠨ 12 ᠰᠠᠷ᠎ᠠ ᠶᠢᠨ 1 ᠤ ᠡᠳᠦᠷ ᠪᠤᠯ ᠳᠡᠯᠡᠬᠡᠢ ᠶᠢᠨ ᠭᠤᠴᠢᠳᠤᠭᠠᠷ ᠠᠶᠢᠽ ᠡᠪᠡᠳᠴᠢᠨ ᠤ ᠡᠳᠦᠷ ᠶᠤᠮ᠃ 《ᠠᠶᠢᠽ ᠡᠪᠡᠳᠴᠢᠨ ᠢ ᠰᠡᠷᠭᠡᠶᠢᠯᠡᠬᠦ ᠡᠬᠦᠷᠬᠡ ᠶᠢ ᠬᠠᠮᠳᠤ ᠪᠡᠷ ᠡᠭᠦᠷᠭᠡᠯᠡᠨ᠂ ᠡᠷᠡᠬᠦᠯ ᠮᠡᠨᠳᠤ ᠶᠢᠨ ᠡᠷᠭᠡ ᠠᠰᠢᠭ ᠢ ᠬᠠᠮᠲᠤ ᠪᠡᠷ ᠡᠳ᠋ᠯᠡᠵᠤ᠂ ᠡᠷᠡᠬᠦᠯ ᠡᠩᠬᠡ ᠳᠤᠮᠳᠠᠳᠤ ᠤᠯᠤᠰ ᠢ ᠬᠠᠮᠲᠤ ᠪᠡᠷ ᠪᠦᠲᠦᠬᠡᠨ ᠪᠠᠶᠢᠭᠤᠯᠬᠤ》ᠪᠤᠯ ᠳᠤᠮᠳᠠᠳᠤ ᠤᠯᠤᠰ ᠤᠨ ᠤᠬᠠᠭᠤᠯᠵᠤ ᠪᠠᠶᠢᠭ᠎ᠠ ᠭᠤᠤᠯ ᠰᠡᠳᠤᠪ ᠪᠤᠯᠤᠨ᠎ᠠ᠃

ᠢᠷᠡᠯᠳᠡ᠄ ᠥᠪᠦᠷ ᠮᠣᠩᠭ᠋ᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122044618