蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠯᠠᠨ ᠤᠯᠤᠰ ᠤᠨ ᠮᠣᠩ᠋ᠭᠤᠯ ᠡᠮᠨᠡᠯᠬᠡ ᠳᠤ 4 ᠮᠣᠩ᠋ᠭᠤᠯ ᠡᠮ ᠡᠮᠨᠡᠯᠬᠡ ᠶᠢᠨ ᠲᠦᠪ ᠪᠠᠶᠢᠭᠤᠯᠪᠠ

2017-12-12 16:52

    ᠤᠶᠢᠷ᠎ᠠ ᠳᠤ᠂ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤᠯᠠᠨ ᠤᠯᠤᠰ ᠤᠨ ᠮᠣᠩ᠋ᠭᠤᠯ ᠡᠮᠨᠡᠯᠬᠡ ᠳᠤ ᠮᠣᠩ᠋ᠭᠤᠯ ᠡᠮ ᠡᠮᠨᠡᠯᠬᠡ ᠶᠢᠨ ᠮᠡᠷᠭᠡᠵᠢᠯ ᠤᠨ ᠲᠦᠪ᠂ ᠪᠡᠶ᠎ᠠ ᠰᠡᠳᠬᠢᠴᠡ ᠶᠢᠨ ᠠᠨᠠᠭᠠᠬᠤ ᠤᠬᠠᠭᠠᠨ ᠤ ᠲᠦᠪ᠂ ᠮᠣᠩ᠋ᠭᠤᠯ ᠡᠮᠨᠡᠯᠬᠡ ᠶᠢᠨ ᠵᠢᠷᠦᠬᠡᠨ ᠤ ᠡᠪᠡᠳᠴᠢᠨ ᠤ ᠲᠦᠪ᠂ ᠮᠣᠩ᠋ᠭᠤᠯ ᠡᠮᠨᠡᠯᠬᠡ ᠶᠢᠨ ᠡᠷᠡᠭᠦᠯᠵᠢᠬᠦ ᠠᠨᠠᠭᠠᠬᠤ ᠤᠬᠠᠭᠠᠨ ᠤ ᠲᠦᠪ ᠪᠠᠶᠢᠭᠤᠯᠪᠠ᠃

    ᠡᠨᠡ ᠳᠦᠷᠪᠡᠨ ᠲᠦᠪ ᠨᠢ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠤᠯᠠᠨ ᠤᠯᠤᠰ ᠤᠨ ᠮᠣᠩ᠋ᠭᠤᠯ ᠡᠮᠨᠡᠯᠬᠡ ᠪᠡᠷ ᠰᠠᠭᠤᠷᠢᠨ ᠪᠤᠯᠭᠠᠬᠤ ᠶᠢᠨ ᠵᠡᠷᠭᠡᠴᠡᠭᠡ ᠤᠷᠤᠨ ᠳᠠᠶᠠᠭᠠᠷ ᠤᠨ ᠮᠣᠩ᠋ᠭᠤᠯ ᠡᠮ ᠡᠮᠨᠡᠯᠬᠡ ᠶᠢᠨ ᠮᠡᠷᠭᠡᠵᠢᠯ ᠤᠨ ᠤᠷᠤᠶᠢᠯᠠᠬᠰᠠᠨ ᠴᠢᠳᠠᠪᠤᠷᠢᠲᠠᠨ᠂ ᠡᠮᠴᠢᠯᠡᠬᠡᠨ ᠤ ᠮᠡᠷᠭᠡᠵᠢᠯ᠂ ᠬᠦᠷᠦᠩᠬᠡ ᠮᠦᠩᠬᠦ ᠶᠢᠨ ᠠᠷᠭᠠᠴᠠᠯ ᠢ ᠴᠤᠬᠯᠠᠷᠠᠭᠤᠯᠤᠨ᠂ ᠮᠣᠩ᠋ᠭᠤᠯ ᠡᠮ ᠡᠮᠨᠡᠯᠬᠡ ᠶᠢᠨ ᠮᠡᠷᠭᠡᠵᠢᠯ ᠤᠨ ᠰᠤᠶᠤᠯ ᠢ ᠮᠠᠨᠳᠤᠭᠤᠯᠬᠤ᠂ ᠮᠣᠩ᠋ᠭᠤᠯ ᠡᠮ ᠡᠮᠨᠡᠯᠬᠡ ᠶᠢᠨ ᠤᠯᠠᠮᠵᠢᠯᠠᠯᠲᠤ ᠡᠮᠴᠢᠯᠡᠬᠡᠨ ᠤ ᠰᠤᠳᠤᠯᠤᠯ ᠪᠠ ᠡᠮᠨᠡᠯ ᠤᠨ ᠳᠠᠳᠤᠯᠭ᠎ᠠ ᠶᠢ ᠥᠷᠬᠡᠨ ᠢᠶᠡᠷ ᠦᠷᠨᠢᠬᠦᠯᠬᠦ᠂ ᠮᠣᠩ᠋ᠭᠤᠯ ᠡᠮ ᠡᠮᠨᠡᠯᠬᠡ ᠶᠢᠨ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠬᠦᠯᠬᠦ᠂ ᠠᠵᠢᠯ ᠲᠦᠷᠦᠯ ᠳᠤ ᠨᠢ ᠲᠤᠬᠢᠷᠠᠬᠰᠠᠨ ᠳᠡᠮᠵᠢᠯᠬᠡ ᠶᠢ ᠢᠳᠡᠪᠬᠢᠲᠠᠢ ᠦᠷᠨᠢᠬᠦᠯᠬᠦ ᠪᠡᠷ ᠳᠠᠮᠵᠢᠨ ᠠᠷᠠᠳ ᠢᠷᠭᠡᠳ ᠲᠤ ᠨᠡᠩ ᠤᠯᠠᠨ ᠪᠠᠶᠠᠷ ᠵᠢᠷᠭᠠᠯ᠂ ᠡᠷᠡᠬᠦᠯ ᠮᠡᠨᠳᠤ ᠤᠯᠭᠤᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122099490