蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭᠣᠯ ᠮᠣᠩᠭᠣᠯ ᠡᠮ ᠲᠠᠩ ᠢ ᠰᠤᠳᠤᠯᠵᠤ ᠠᠰᠢᠭᠯᠠᠬᠤ ᠡᠷᠴᠢᠮ ᠢᠶᠡᠨ ᠴᠢᠩ᠋ᠭᠠᠳᠬᠠᠵᠤ ᠪᠠᠶᠢᠨ᠎ᠠ

2017-12-14 16:51

    ᠥᠪᠤᠷ ᠮᠤᠩᠭ᠋ᠤᠯ ᠤᠨ ᠥᠪᠡᠷᠳᠡᠭᠡᠨ ᠵᠠᠰᠠᠬᠤ ᠤᠷᠤᠨ ᠤ ᠣᠶᠢᠷ᠎ᠠ ᠳ᠋ᠤ ᠨᠡᠶᠢᠲᠡᠯᠡᠭᠰᠡᠨ《ᠡᠮ ᠲᠠᠩ ᠤᠨ ᠠᠵᠤ ᠦᠢᠯᠡᠰ ᠦᠨ ᠡᠷᠡᠭᠦᠯ ᠬᠥᠭ᠍ᠵᠢᠯᠲᠡ ᠶᠢ ᠠᠬᠢᠭᠤᠯᠬᠤ ᠳ᠋ᠤ ᠬᠡᠷᠡᠭᠵᠢᠭᠦᠯᠬᠦ ᠲᠥᠰᠥᠯ 》 ᠳ᠋ᠤ ᠳᠤᠷᠠᠳᠬᠤ ᠳ᠋ᠠᠭᠠᠨ᠂ ᠪᠦᠬᠦ ᠣᠷᠣᠨ ᠤ ᠬᠡᠪᠴᠢᠶᠡᠨ ᠳ᠋ᠤ ᠮᠣᠩᠭᠣᠯ ᠡᠮ ᠲᠠᠩ ᠢ ᠰᠤᠳᠤᠯᠵᠤ ᠠᠰᠢᠭᠯᠠᠬᠤ ᠡᠷᠴᠢᠮ ᠢᠶᠡᠨ ᠴᠢᠩᠭ᠋ᠠᠳᠬᠠᠵᠤ᠂ 3 ᠡᠴᠠ ᠳᠡᠭᠡᠭ᠍ᠰᠢ ᠤᠯᠤᠰ ᠤᠨ ᠵᠡᠷᠭᠡᠯᠡᠯ ᠦᠨ ᠡᠭᠦᠳᠦᠯᠲᠡ ᠰᠢᠨᠡᠴᠢᠯᠡᠯᠲᠡ ᠶᠢᠨ ᠲᠠᠪᠴᠠᠩ ᠢ ᠪᠠᠶᠢᠭᠤᠯᠬᠤ ᠶᠢᠨ ᠵᠡᠷᠭᠡᠴᠡᠭᠡ ᠣᠷᠣᠨ ᠤ ᠵᠡᠷᠭᠡᠯᠡᠯ ᠦᠨ ᠡᠭᠦᠳᠦᠯᠲᠡ ᠰᠢᠨᠡᠴᠢᠯᠡᠯᠲᠡ ᠶᠢᠨ ᠲᠠᠪᠴᠠᠩ ᠢ 30 ᠳ᠋ᠤ ᠬᠦᠷᠭᠡᠬᠦ ᠬᠡᠷᠡᠭᠲᠡᠢ᠃ ᠡᠵᠡᠩᠨᠡᠯᠲᠡ ᠶᠢᠨ ᠣᠷᠣᠯᠭ᠎ᠠ ᠨᠢ 10 ᠳ᠋ᠦᠩᠰᠢᠭᠤᠷ ᠲᠥᠭᠥᠷᠢᠭ᠌ ᠡᠴᠠ ᠳᠠᠪᠠᠭᠰᠠᠨ ᠪᠠ ᠳ᠋ᠦᠩᠰᠢᠭᠤᠷ ᠲᠥᠭᠥᠷᠢᠭ᠌ ᠡᠴᠡ ᠳᠠᠪᠠᠭᠰᠠᠨ ᠡᠮ ᠲᠠᠩ ᠤᠨ ᠠᠵᠤ ᠠᠬᠤᠶᠢᠯᠠᠯ ᠤᠨ ᠪᠦᠯᠦᠭᠯᠡᠯ ᠢ ᠲᠤᠰ ᠲᠤᠰ 5 ᠡᠴᠠ ᠳᠡᠭᠡᠭ᠍ᠰᠢ ᠪᠠ 50 ᠡᠴᠡ ᠳᠡᠭᠡᠭ᠍ᠰᠢ ᠪᠣᠯᠭᠠᠵᠤ ᠪᠠᠶᠢᠭᠤᠯᠬᠤ ᠬᠡᠷᠡᠭᠲᠡᠢ ᠬᠡᠵᠡᠢ᠃

    ᠡᠬᠦᠨ ᠡᠴᠡ ᠭᠠᠳᠠᠨ᠎ᠠ ᠪᠠᠰᠠ᠂ ᠪᠣᠷᠣᠯᠠᠭᠤᠯᠭ᠎ᠠ ᠶᠢᠨ ᠣᠷᠣᠯᠭ᠎ᠠ ᠨᠢ ᠳ᠋ᠦᠩᠰᠢᠭᠤᠷ ᠲᠥᠭᠥᠷᠢᠭ᠌ ᠢ ᠳᠠᠪᠠᠭᠰᠠᠨ 20 ᠭᠠᠷᠤᠢ ᠲᠥᠷᠥᠯ ᠵᠦᠢᠯ ᠤᠨ ᠡᠮ ᠲᠠᠩ ᠢ ᠪᠣᠢ ᠪᠣᠯᠭᠠᠬᠤ ᠪᠡᠷ ᠳᠠᠮᠵᠢᠨ 2020 ᠣᠨ ᠪᠣᠯᠬᠤ ᠳ᠋ᠤ ᠣᠷᠣᠨ ᠳᠠᠶᠠᠭᠠᠷ ᠤᠨ ᠡᠮ ᠲᠠᠩ ᠤᠨ ᠠᠵᠤ ᠦᠢᠯᠡᠰ ᠦᠨ ᠭᠣᠣᠯ ᠡᠵᠡᠩᠨᠡᠯᠲᠡ ᠶᠢᠨ ᠣᠷᠣᠯᠭ᠎ᠠ ᠶᠢ 900 ᠳ᠋ᠦᠩᠰᠢᠭᠤᠷ ᠲᠥᠭᠥᠷᠢᠭ᠌ ᠡᠴᠡ ᠳᠠᠪᠠᠭᠤᠯᠵᠤ᠂ ᠵᠢᠯ ᠦᠨ ᠳᠤᠮᠳᠠᠴᠢ ᠨᠡᠮᠡᠭᠳᠡᠯ ᠢ 10% ᠭᠠᠷᠤᠢ ᠳ᠋ᠤ ᠬᠦᠷᠭᠡᠬᠦ ᠬᠡᠷᠡᠭᠲᠡᠢ ᠭᠡᠵᠡᠢ᠃

ᠢᠷᠡᠯᠳᠡ᠄ ᠳᠤᠮᠳᠠᠳᠤ ᠤᠯᠤᠰ ᠤᠨ ᠮᠣᠩ᠋ᠭᠤᠯ ᠷᠠᠳᠢᠣ᠋ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122112124