蒙古文网站Logo
ᠰᠢᠨᠬᠤᠸᠠ ᠮᠤᠩᠭ᠋ᠤᠯ ᠨᠧᠲ

ᠬᠡᠦᠬᠡᠳ ᠵᠢᠭᠠᠰᠤ ᠢᠳᠡᠪᠡᠯ ᠨᠤᠶᠢᠷ ᠨᠢ ᠰᠠᠶᠢᠵᠢᠷᠠᠵᠦ ᠤᠶᠤᠨ ᠴᠢᠳᠠᠪᠤᠷᠢ ᠨᠢ ᠨᠡᠮᠡᠭᠳᠡᠨ᠎ᠡ

2017-12-26 17:25

    ᠰᠢᠨᠬᠤᠸᠠ ᠬᠤᠷᠢᠶ᠎ᠠ  ᠪᠡᠭᠡᠵᠢᠩ ᠤᠨ 12 ᠰᠠᠷ᠎ᠠ ᠶᠢᠨ 25 ᠤ᠋ ᠡᠳᠦᠷ ᠤᠨ ᠴᠠᠬᠢᠯᠭᠠᠨ ᠮᠡᠳᠡᠭᠡ᠂ ᠠᠮᠧᠷᠢᠺᠠ ᠶᠢᠨ ᠨᠢᠭᠡ ᠰᠤᠳᠤᠯᠭᠠᠨ ᠢᠶᠡᠷ ᠭᠠᠷᠠᠬ ᠲᠤ ᠠᠳᠠᠬ ᠲᠠᠭᠠᠨ ᠨᠢᠭᠡ ᠤᠳᠠᠭ᠎ᠠ ᠵᠢᠭᠠᠰᠤ ᠢᠳᠡᠳᠡᠭ ᠬᠡᠦᠬᠡᠳ ᠤᠨ ᠨᠤᠶᠢᠷ ᠨᠢ ᠰᠠᠶᠢᠨ ᠳᠡᠳᠦᠢ ᠦᠬᠡᠢ ᠪᠠᠰᠠ ᠤᠶᠤᠨ ᠴᠢᠳᠠᠪᠤᠷᠢ ᠨᠢ ᠨᠡᠮᠡᠭᠳᠡᠳᠡᠭ ᠭᠡᠵᠦ ᠭᠡᠷᠡᠴᠢᠯᠡᠵᠡᠢ᠃ ᠲᠡᠶᠢᠨᠬᠦ ᠰᠤᠳᠤᠯᠭᠠᠲᠠᠳ ᠡᠴᠡ ᠬᠦᠮᠦᠰ ᠢ ᠬᠡᠦᠬᠡᠳ ᠲᠡᠭᠡᠨ ᠡᠷᠲᠡᠬᠡᠨ ᠵᠢᠭᠠᠰᠤ ᠢᠳᠡᠭᠦᠯᠬᠦ ᠵᠢ ᠰᠠᠨᠠᠭᠤᠯᠵᠦ ᠪᠤᠢ᠃

    ᠵᠠᠷᠢᠮ ᠰᠤᠳᠤᠯᠭᠠᠨ ᠢᠶᠡᠷ᠂ ᠵᠢᠭᠠᠰᠤᠨ ᠤ ᠲᠦᠷᠦᠯ ᠳᠤ ᠡᠯᠪᠡᠭ᠌ ᠠᠭᠤᠯᠠᠬᠳᠠᠬᠤ OMEGA᠎-3 ᠦᠭᠡᠬᠦᠨ ᠬᠦᠴᠢᠯ ᠨᠢ ᠬᠦᠮᠦᠨ ᠤ ᠲᠠᠨᠢᠨ ᠮᠡᠳᠡᠬᠦᠢ ᠴᠢᠳᠠᠪᠤᠷᠢ ᠵᠢ ᠳᠡᠭᠡᠭᠰᠢᠯᠡᠭᠦᠯᠵᠦ᠂ ᠨᠤᠶᠢᠷ ᠢ ᠰᠠᠶᠢᠵᠢᠷᠠᠭᠤᠯᠳᠠᠬ ᠭᠡᠵᠦ ᠭᠡᠷᠡᠴᠢᠯᠡᠵᠡᠢ᠃ ᠲᠡᠭᠡᠪᠡᠯ ᠵᠢᠭᠠᠰᠤ ᠢᠳᠡᠬᠦ ᠨᠢ ᠲᠠᠨᠢᠨ ᠮᠡᠳᠡᠬᠦᠢ ᠴᠢᠳᠠᠪᠤᠷᠢ ᠵᠢ ᠳᠡᠭᠡᠭᠰᠢᠯᠡᠬᠦᠯᠬᠦ ᠪᠠ ᠨᠤᠶᠢᠷ ᠰᠠᠶᠢᠵᠢᠷᠠᠭᠤᠯᠬᠤ ᠲᠠᠢ ᠴᠤᠬᠤᠮ ᠶᠠᠮᠠᠷ ᠬᠤᠯᠪᠤᠭ᠎ᠠ ᠲᠠᠢ ᠪᠤᠢ? ᠡᠭᠦᠨ ᠢ ᠲᠤᠳᠤᠷᠠᠭᠤᠯᠬᠤ ᠶᠢᠨ ᠳᠤᠯᠠᠲᠠ ᠠᠮᠧᠷᠢᠺᠠ ᠶᠢᠨ ᠫᠧᠨᠰᠦ᠋ᠧᠶᠢᠨᠢᠶ᠎ᠠ ᠶᠡᠬᠡ ᠰᠤᠷᠭᠠᠭᠤᠯᠢ (University of Pennsylvania) ᠶ᠋ᠢᠨ ᠰᠤᠳᠤᠯᠭᠠᠲᠠᠳ 9-11 ᠨᠠᠰᠤᠨ ᠤ ᠬᠤᠭᠤᠷᠤᠨᠳᠤᠬᠢ 541 ᠬᠡᠦᠬᠡᠳ(ᠬᠦᠦ 54% ᠵᠢ ᠡᠵᠡᠯᠡᠵᠦ᠂ ᠦᠬᠢᠨ 46% ᠵᠢ ᠡᠵᠡᠯᠡᠵᠡᠢ)  ᠢ᠋ ᠰᠤᠩᠭᠤᠵᠦ ᠰᠤᠳᠤᠯᠭ᠎ᠠ ᠬᠢᠵᠡᠢ᠃

    ᠰᠤᠳᠤᠯᠭᠠᠲᠠᠳ ᠠᠰᠠᠭᠤᠯᠲᠠ ᠬᠠᠷᠢᠭᠤᠯᠲᠠ ᠶᠢᠨ ᠬᠠᠭᠤᠳᠠᠰᠤ ᠪᠡᠷ ᠳᠠᠮᠵᠢᠨ ᠡᠳᠡᠭᠡᠷ ᠬᠡᠦᠬᠡᠳ ᠤᠨ ᠦᠩᠭᠡᠷᠡᠭᠰᠡᠨ ᠰᠠᠷ᠎ᠠ ᠳᠤ ᠵᠢᠭᠠᠰᠤ ᠢᠳᠡᠭᠰᠡᠨ ᠪᠠᠶᠢᠳᠠᠯ ᠢ ᠤᠶᠢᠯᠠᠭᠠᠬᠤ ᠶᠢᠨ ᠬᠠᠮᠲᠤ ᠸᠠᠺᠠᠰᠯᠧᠷ ᠬᠡᠦᠬᠡᠳ ᠤᠨ ᠤᠶᠤᠨ ᠤ ᠬᠡᠮᠵᠢᠭᠦᠷᠯᠢᠭ᠌(Wechsler Intelligence Scale for Children ) ᠢ᠋ ᠬᠡᠷᠡᠭᠯᠡᠨ ᠳᠡᠳᠡᠨᠠᠷ ᠤᠨ ᠬᠡᠯᠡ ᠶᠠᠷᠢᠶᠠᠨ ᠤ ᠴᠢᠳᠠᠪᠤᠷᠢ ᠪᠤᠯᠤᠨ ᠬᠡᠯᠡ ᠶᠠᠷᠢᠶᠠᠨ ᠤ ᠪᠤᠰᠤ ᠴᠢᠳᠠᠪᠤᠷᠢ ᠵᠢ ᠰᠢᠯᠭᠠᠵᠠᠢ᠃ ᠪᠠᠰᠠ ᠡᠳᠡᠭᠡᠷ ᠬᠡᠦᠬᠡᠳ ᠤᠨ ᠠᠪᠤ ᠡᠵᠢ ᠪᠡᠷ ᠨᠢ ᠤᠨᠲᠠᠬᠤ ᠴᠠᠬ᠂ ᠰᠦᠨᠢ ᠰᠡᠷᠢᠬᠦ ᠡᠰᠡᠬᠦ᠂ ᠡᠳᠦᠷ ᠨᠤᠶᠢᠷᠮᠤᠭᠯᠠᠬᠤ ᠡᠰᠡᠬᠦ ᠵᠡᠷᠭᠡ ᠠᠭᠤᠯᠭ᠎ᠠ ᠵᠢ ᠬᠠᠮᠤᠷᠠᠬᠰᠠᠨ ᠨᠤᠶᠢᠷ ᠤᠨ ᠴᠢᠨᠠᠷ ᠴᠢᠨᠰᠠᠭ᠎ᠠ ᠲᠠᠢ ᠬᠤᠯᠪᠤᠬᠳᠠᠬᠤ ᠠᠰᠠᠭᠤᠯᠲᠠ ᠨᠤᠭᠤᠳ ᠢ ᠬᠠᠷᠢᠭᠤᠯᠤᠭᠤᠯᠤᠬᠰᠠᠨ ᠪᠠᠶᠢᠨ᠎ᠠ᠃

    ᠰᠤᠳᠤᠯᠭᠠᠨ ᠤ ᠳ᠋ᠦᠩ ᠳᠤ᠂ ᠭᠠᠷᠠᠬ ᠪᠦᠷᠢ ᠵᠢᠭᠠᠰᠤ ᠢᠳᠡᠳᠡᠭ ᠬᠡᠦᠬᠡᠳ ᠤᠨ ᠤᠶᠤᠨ ᠤ ᠴᠢᠳᠠᠪᠤᠷᠢ ᠵᠢᠭᠠᠰᠤ ᠴᠦᠭᠡᠨ ᠢᠳᠡᠳᠡᠭ ᠪᠤᠶᠤ ᠵᠢᠭᠠᠰᠤ ᠢᠳᠡᠳᠡᠭ ᠦᠭᠡᠢ ᠬᠡᠦᠬᠡᠳ ᠤᠨ ᠬᠢ ᠡᠴᠡ 4.8 ᠬᠤᠪᠢ ᠦᠨᠳᠦᠷ ᠪᠠᠶᠢᠬᠰᠠᠨ ᠮᠦᠷᠲᠡᠭᠡᠨ ᠵᠢᠭᠠᠰᠤ ᠢᠳᠡᠬᠦ ᠪᠠᠨ ᠨᠡᠮᠡᠭᠳᠡᠬᠦᠯᠬᠦ ᠪᠠ ᠨᠤᠶᠢᠷ ᠬᠤᠯᠵᠢᠬᠤ  ᠶᠢ ᠨᠠᠮᠳᠠᠭᠠᠬᠤ ᠬᠤᠶᠠᠷ ᠬᠤᠯᠪᠤᠭ᠎ᠠ ᠲᠠᠢ ᠵᠢ ᠢᠯᠡᠷᠡᠭᠦᠯᠵᠡᠢ᠃ ᠡᠶᠢᠨᠬᠦ ᠰᠤᠳᠤᠯᠭᠠᠲᠠᠳ ᠵᠢᠭᠠᠰᠤ ᠢᠳᠡᠬᠦ ᠨᠢ ᠨᠤᠶᠢᠷ ᠢ ᠰᠠᠶᠢᠵᠢᠷᠠᠭᠤᠯᠬᠤ ᠶᠤᠮ ᠪᠠᠶᠢᠨ᠎ᠠ ᠭᠡᠵᠦ ᠦᠵᠡᠵᠡᠢ᠃

    ᠲᠤᠰ ᠰᠤᠳᠤᠯᠭᠠᠨ ᠵᠢᠭᠠᠰᠦ ᠢᠳᠡᠬᠦ ᠨᠢ ᠬᠦᠮᠦᠨ ᠤ ᠪᠡᠶ᠎ᠡ ᠶᠢᠨ ᠡᠷᠡᠬᠦᠯ ᠴᠢᠭᠢᠷᠠᠬ ᠲᠤ ᠠᠰᠢᠬᠲᠠᠢ ᠭᠡᠳᠡᠭ ᠢ ᠤᠯᠠᠮ ᠪᠠᠲᠤᠲᠠᠢ ᠭᠡᠷᠡᠴᠢᠯᠡᠪᠡ᠂ ᠰᠤᠷᠲᠠᠯᠴᠢᠯᠠᠨ ᠳᠡᠯᠭᠡᠷᠡᠭᠦᠯᠬᠦ ᠶᠤᠰᠤᠲᠠᠢ᠃ ᠬᠦᠮᠦᠰ ᠬᠡᠦᠬᠡᠳ ᠲᠡᠭᠡᠨ 10 ᠰᠠᠷ᠎ᠠ ᠲᠠᠢ  ᠡᠴᠡ ᠨᠢ ᠵᠢᠭᠠᠰᠤ ᠢᠳᠡᠭᠦᠯᠪᠡᠯ ᠵᠤᠬᠢᠨ᠎ᠠ ᠭᠡᠵᠦ ᠰᠤᠳᠤᠯᠭᠠᠲᠠᠳ ᠰᠠᠨᠠᠭᠤᠯᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122169777