蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠨᠳᠦᠰᠦᠨ ᠱᠠᠳᠤᠨ ᠤ ᠡᠬᠦᠳᠡᠨ ᠡᠮᠨᠡᠯᠬᠡ ᠬᠦᠮᠦᠨ ᠳᠤᠨᠢ ᠨᠤᠭᠳᠠᠭᠤᠯᠤᠨ ᠲᠤᠭᠠᠴᠠᠭ᠎ᠠ ᠬᠢᠬᠦ ᠶᠢ ᠲᠡᠮᠵᠢᠵᠤ ᠪᠤᠢ

2018-01-04 11:38

    ᠤᠶᠢᠷ᠎ᠠ ᠳᠤ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠡᠴᠡ ᠨᠡᠶᠢᠳᠡᠯᠡᠭᠰᠡᠨ《 ᠦᠨᠳᠦᠰᠦᠨ ᠱᠠᠳᠤᠨ ᠤ ᠡᠮᠨᠡᠯᠬᠡ ᠶᠢᠨ ᠲᠠᠭᠠᠳᠬᠠᠯ ᠤᠨ ᠲᠤᠭᠠᠴᠠᠬᠤ ᠠᠷᠭ᠎ᠠ ᠶᠢᠨ ᠦᠬᠡᠷᠡᠴᠢᠯᠡᠯᠳᠡ ᠶᠢ ᠤᠯᠠᠮ ᠬᠦᠨᠵᠡᠬᠡᠶᠢᠷᠡᠬᠦᠯᠬᠦ ᠲᠤᠬᠠᠢ ᠬᠡᠷᠡᠭᠵᠢᠬᠦᠯᠬᠦ ᠲᠦᠰᠦᠯ》 ᠳᠤ᠂ ᠡᠬᠦᠳᠡᠨ ᠡᠮᠨᠡᠯᠬᠡ ᠬᠦᠮᠦᠨ ᠳᠤᠨᠢ ᠨᠤᠭᠳᠠᠭᠤᠯᠤᠨ ᠲᠤᠭᠠᠴᠠᠭᠠᠯᠠᠬᠤ ᠲᠦᠷᠢᠮ ᠪᠠᠶᠢᠭᠤᠯᠬᠤ ᠶᠢ ᠲᠤᠷᠠᠳᠴᠠᠢ᠃

    《ᠲᠦᠰᠦᠯ》 ᠳᠤ᠂ ᠰᠢᠬᠢᠷ ᠰᠢᠵᠢᠭ᠌᠂ ᠴᠢᠰᠤᠨ ᠲᠠᠷᠤᠯᠳᠠ ᠦᠨᠳᠤᠷ᠂ ᠪᠦᠭᠡᠷ᠎ᠡ ᠶᠢᠨ ᠳᠤᠷᠤᠶᠢᠳᠠᠯ ᠵᠡᠷᠬᠡ ᠡᠮᠴᠢᠯᠡᠬᠦ ᠲᠦᠰᠤᠯ ᠤᠨ ᠪᠠᠷᠢᠮᠵᠢᠶ᠎ᠠ᠂ ᠦᠨᠡᠯᠡᠬᠦ ᠵᠢᠭᠠᠯᠳᠠ ᠨᠢ ᠲᠤᠳᠤᠷᠬᠠᠢ ᠡᠬᠦᠳᠡᠨ ᠡᠮᠨᠡᠯᠬᠡ ᠶᠢᠨ ᠠᠷᠬᠠᠭ ᠡᠪᠡᠳᠴᠢᠨ ᠳᠤ ᠬᠦᠮᠦᠨ ᠪᠦᠷᠢ ᠶᠢᠨ ᠲᠤᠭᠠᠴᠠᠬᠤ ᠪᠠᠷᠢᠮᠵᠢᠶ᠎ᠠ ᠶᠢ ᠵᠤᠬᠢᠰᠲᠠᠢ ᠪᠤᠳᠤᠵᠤ᠂ ᠦᠨᠳᠦᠰᠦᠨ ᠱᠠᠳᠤᠨ ᠤ ᠡᠮ ᠡᠮᠨᠡᠯᠬᠡ ᠡᠷᠡᠬᠦᠯ ᠮᠡᠨᠳᠤ ᠶᠢᠨ ᠪᠠᠶᠢᠭᠤᠯᠤᠮᠵᠢ(ᠰᠤᠮᠤ ᠰᠢᠶᠠᠩ ᠪᠠᠯᠭᠠᠰᠤᠨ ᠤ ᠡᠮᠨᠡᠯᠭᠡ ᠶᠢᠨ ᠬᠤᠷᠢᠶ᠎ᠠ᠂ ᠭᠠᠴᠠᠭ᠎ᠠ ᠲᠤᠰᠬᠤᠨ ᠤ ᠡᠷᠡᠬᠦᠯ ᠮᠡᠨᠳᠤ ᠶᠢᠨ ᠲᠠᠰᠤᠭ᠂ ᠨᠡᠶᠢᠬᠡᠮ ᠲᠤᠭᠤᠷᠢᠭ ᠤᠨ ᠡᠷᠡᠬᠦᠯ ᠮᠡᠨᠳᠤ ᠶᠢᠨ ᠦᠢᠯᠡᠴᠢᠯᠡᠬᠡᠨ ᠤ ᠲᠦᠪ) ᠳᠤ ᠡᠮᠴᠢᠯᠡᠬᠦᠯᠬᠦ ᠳᠤ ᠬᠦᠮᠦᠨ ᠳᠤᠨᠢ ᠨᠤᠭᠳᠠᠭᠤᠯᠤᠨ ᠲᠤᠭᠠᠴᠠᠭ᠎ᠠ ᠬᠢᠨ᠎ᠠ ᠬᠡᠵᠤ ᠲᠤᠷᠠᠳᠴᠠᠢ᠃

    《ᠲᠦᠰᠦᠯ》 ᠳᠤ᠂ ᠲᠡᠰ ᠬᠤᠪᠢᠶᠠᠷᠢᠯᠠᠨ ᠡᠮᠴᠢᠯᠡᠬᠦ ᠵᠠᠭᠪᠤᠷ ᠪᠤᠯᠤᠨ ᠬᠡᠷ ᠪᠦᠯᠢ ᠶᠢᠨ ᠡᠮᠴᠢ ᠶᠢᠨ ᠬᠡᠷ᠎ᠡ ᠶᠢᠨ ᠦᠢᠯᠡᠴᠢᠯᠡᠬᠡᠨ ᠤ ᠲᠦᠷᠢᠮ  ᠪᠠᠶᠢᠭᠤᠯᠬᠤ ᠶᠢ ᠲᠡᠮᠵᠢᠵᠤ᠂ ᠡᠩ ᠤᠨ ᠡᠬᠦᠳᠡᠨ ᠡᠮᠨᠡᠯᠬᠡ ᠳᠤ ᠨᠢᠬᠡᠳᠤᠯᠲᠡᠢ ᠲᠦᠯᠦᠪᠵᠢᠬᠦᠯᠬᠦ ᠲᠦᠷᠢᠮ ᠢ ᠠᠭᠠᠵᠢᠮ ᠢᠶᠡᠷ ᠪᠠᠶᠢᠭᠤᠯᠵᠤ᠂ ᠦᠨᠳᠦᠰᠦᠨ ᠱᠠᠳᠤᠨ ᠤ ᠡᠮ ᠡᠮᠨᠡᠯᠬᠡ ᠡᠷᠡᠬᠦᠯ ᠮᠡᠨᠳᠤ ᠶᠢᠨ ᠪᠠᠶᠢᠭᠤᠯᠤᠮᠵᠢ ᠳᠤ ᠡᠩ ᠤᠨ ᠡᠬᠦᠳᠡᠨ ᠡᠮᠨᠡᠯᠬᠡ ᠬᠦᠮᠦᠨ ᠳᠤᠨᠢ ᠨᠤᠭᠳᠠᠭᠤᠯᠤᠨ ᠲᠤᠭᠠᠴᠠᠭ᠎ᠠ ᠬᠢᠬᠦ ᠶᠢ ᠦᠷᠨᠢᠬᠦᠯᠤᠨ᠎ᠡ᠃ ᠡᠬᠦᠨ ᠳᠤ ᠡᠮᠨᠡᠯᠬᠡ ᠶᠢᠨ ᠲᠠᠭᠠᠳᠬᠠᠯ ᠤᠨ ᠨᠡᠷᠡᠰ ᠤᠨ ᠵᠢᠬᠰᠠᠭᠠᠯᠳᠠ ᠳ᠋ᠡᠬᠢ ᠡᠮ ᠤᠨ ᠵᠦᠢᠯ᠂ ᠦᠨᠳᠦᠰᠦᠨ ᠡᠮᠴᠢᠯᠡᠬᠡᠨ ᠤ ᠵᠠᠷᠤᠳᠠᠯ᠂ ᠡᠩ ᠤᠨ ᠤᠨᠤᠰᠢᠯᠠᠬᠤ ᠵᠠᠷᠤᠳᠠᠯ ᠪᠤᠯᠤᠨ ᠲᠦᠷᠢᠮ ᠳᠤ ᠲᠤᠭᠳᠠᠭᠰᠠᠨ ᠬᠡᠷ ᠪᠦᠯᠢ ᠶᠢᠨ ᠡᠮᠴᠢ ᠶᠢᠨ ᠦᠢᠯᠡᠴᠢᠯᠡᠬᠡᠨ ᠤ ᠵᠠᠷᠤᠳᠠᠯ ᠵᠡᠷᠬᠡ ᠶᠢᠨ ᠲᠤᠭᠠᠴᠠᠬᠤ ᠪᠠᠷᠢᠮᠵᠢᠶ᠎ᠡ ᠶᠢ ᠵᠤᠬᠢᠰᠳᠠᠢ ᠪᠤᠳᠤᠬᠤ ᠬᠡᠷᠡᠭᠲᠡᠢ᠃ ᠡᠬᠦᠳᠡᠨ ᠡᠮᠨᠡᠯᠬᠡ ᠳᠤ ᠬᠡᠷ᠎ᠡ ᠲᠤᠭᠳᠠᠭᠰᠠᠨ ᠢᠷᠭᠡᠳ ᠤᠨ ᠹᠤᠨᠳ᠋ ᠶᠢ ᠬᠤᠪᠢ ᠬᠦᠮᠦᠨ ᠳᠤ ᠨᠢ ᠨᠤᠭᠳᠠᠭᠤᠯᠵᠤ ᠦᠨᠳᠦᠰᠦᠨ ᠱᠠᠳᠤᠨ ᠤ ᠡᠮ ᠡᠮᠨᠡᠯᠬᠡ ᠡᠷᠡᠬᠦᠯ ᠮᠡᠨᠳᠤ ᠶᠢᠨ ᠦᠢᠯᠡᠴᠢᠯᠡᠭᠡᠨ ᠤ ᠪᠠᠶᠢᠭᠤᠯᠤᠮᠵᠢ ᠪᠤᠯᠤᠨ ᠬᠡᠷ ᠪᠦᠯᠢ ᠶᠢᠨ ᠡᠮᠴᠢ ᠶᠢᠨ ᠪᠠᠭ ᠲᠤ ᠦᠭ᠍ᠴᠦ᠂ ᠡᠪᠡᠳᠴᠢᠳᠡᠨ ᠡᠮᠨᠡᠯᠬᠡ ᠳᠤ ᠡᠮᠴᠢᠯᠡᠬᠦᠯᠬᠦ ᠳᠤ ᠦᠨᠳᠤᠰᠤᠨ ᠱᠠᠳᠤᠨ ᠤ ᠡᠮ ᠡᠮᠨᠡᠯᠬᠡ ᠡᠷᠡᠬᠦᠯ ᠮᠡᠨᠳᠤ  ᠶᠢᠨ ᠪᠠᠶᠢᠭᠤᠯᠤᠮᠵᠢ ᠪᠤᠯᠤᠨ ᠬᠡᠷ ᠪᠦᠯᠢ ᠶᠢᠨ ᠡᠮᠴᠢ ᠶᠢᠨ ᠪᠠᠭ ᠡᠴᠡ ᠵᠤᠬᠢᠬᠤ ᠬᠡᠮᠵᠢᠶᠡᠨ ᠤ ᠡᠮᠨᠡᠯᠬᠡ ᠳᠤ ᠰᠢᠯᠵᠢᠬᠦᠯᠦᠭ᠍ᠰᠡᠨ ᠵᠠᠷᠤᠳᠠᠯ ᠲᠤᠭᠠᠴᠠᠬᠤ ᠶᠢ ᠰᠦᠪᠡᠭ᠍ᠴᠢᠯᠡᠨ᠎ᠡ ᠬᠡᠵᠤ ᠲᠤᠳᠤᠷᠬᠠᠶᠢᠯᠠᠵᠠᠢ᠃ 

ᠢᠷᠡᠯᠳᠡ᠄ ᠡᠷᠡᠬᠦᠯ ᠮᠡᠨᠳᠤ ᠶᠢᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122209388