蒙古文网站Logo
ᠰᠢᠨᠬᠤᠸᠠ ᠮᠤᠩᠭ᠋ᠤᠯ ᠨᠧᠲ

ᠬᠡᠷ ᠤᠨ ᠠᠬᠠᠮᠡᠳ ᠬᠠᠯᠳᠠᠪᠤᠷᠢᠳᠤ ᠲᠠᠭᠰᠢᠭᠤᠷ ᠡᠴᠡ ᠰᠡᠷᠬᠡᠶᠢᠯᠡᠬᠦ ᠤᠬᠠᠮᠰᠠᠷ ᠢᠶᠡᠨ ᠲᠡᠭᠡᠭ᠍ᠰᠢᠯᠡᠬᠦᠯᠬᠦ ᠬᠡᠷᠡᠭᠲᠡᠢ

2018-01-04 17:17

    ᠵᠢᠯ ᠪᠦᠷᠢ ᠶᠢᠨ 12 ᠰᠠᠷ᠎ᠠ ᠡᠴᠡ ᠰᠢᠨ᠎ᠡ ᠤᠨ ᠤ 1 ᠰᠠᠷ᠎ᠠ ᠶᠢᠨ ᠦᠶ᠎ᠡ ᠪᠡᠷ ᠪᠡᠭᠡᠵᠢᠩ ᠳᠤ ᠬᠠᠯᠳᠠᠪᠤᠷᠢᠳᠤ ᠲᠠᠭᠰᠢᠭᠤᠷ ᠡᠬᠦᠰᠬᠦ ᠤᠷᠬᠢᠯ ᠦᠶ᠎ᠡ ᠪᠤᠯᠳᠠᠭ᠃ 2017 ᠤᠨ ᠤ ᠡᠪᠤᠯ ᠡᠴᠡ ᠨᠠᠰᠢ᠂ ᠪᠡᠭᠡᠵᠢᠩ ᠤᠨ ᠲᠤᠮᠳᠠᠳᠤ ᠪᠡᠭ᠎ᠠ ᠰᠤᠷᠭᠠᠭᠤᠯᠢ ᠵᠢᠴᠢ ᠴᠡᠴᠡᠷᠯᠢᠭ᠌᠌ ᠵᠡᠷᠬᠡ ᠬᠠᠮᠳᠤ ᠨᠢᠬᠡᠴᠡ ᠶᠢᠨ ᠪᠠᠶᠢᠭᠤᠯᠤᠯᠭ᠎ᠠ ᠳᠤ ᠬᠠᠯᠳᠠᠪᠤᠷᠢᠳᠤ ᠲᠠᠭᠰᠢᠭᠤᠷ ᠡᠴᠡ ᠪᠤᠯᠵᠤ ᠪᠠᠭ᠎ᠠ ᠨᠠᠰᠤᠨ ᠤ ᠬᠡᠦᠬᠡᠳ ᠲᠦ ᠬᠠᠯᠠᠭᠤᠷᠠᠬᠤ ᠬᠢᠵᠢᠭ᠌ ᠢᠯᠡᠷᠡᠵᠤ ᠪᠠᠶᠢᠨ᠎ᠠ᠃ ᠬᠡᠦᠬᠡᠳ ᠤᠨ ᠨᠠᠰᠤ ᠪᠠᠭ᠎ᠠ᠂ ᠲᠠᠭᠠᠭᠠᠴᠠ ᠠᠨᠠᠢ ᠪᠤᠯᠬᠤᠷ ᠬᠠᠯᠳᠠᠪᠤᠷᠢᠳᠤ ᠡᠪᠡᠳᠴᠢᠨ ᠳᠤ ᠨᠡᠷᠪᠡᠭ᠍ᠳᠡᠬᠦ ᠵᠢᠴᠢ ᠲᠠᠷᠬᠠᠭᠠᠬᠤ ᠠᠶᠤᠯ ᠦᠨᠳᠤᠷ ᠪᠠᠶᠢᠳᠠᠭ᠃ 1 ᠰᠠᠷ᠎ᠠ ᠶᠢᠨ 3 ᠤ ᠡᠳᠤᠷ᠂ ᠪᠡᠭᠡᠵᠢᠩ ᠬᠤᠳᠠ ᠶᠢᠨ ᠡᠪᠡᠳᠴᠢᠨ ᠡᠴᠡ ᠰᠡᠷᠬᠡᠶᠢᠯᠡᠬᠦ ᠶᠢ ᠵᠢᠯᠤᠭᠤᠳᠬᠤ ᠲᠦᠪ ᠬᠡᠷ ᠤᠨ ᠠᠬᠠᠮᠡᠳ ᠲᠤ ᠵᠠᠬᠢᠳᠠᠯ ᠪᠢᠴᠢᠵᠤ᠂ ᠰᠡᠬᠦᠯ ᠤᠨ ᠬᠡᠰᠡᠭ ᠬᠤᠭᠤᠴᠠᠭᠠᠨ ᠳᠤ᠂ ᠬᠤᠳᠠ ᠳᠤ ᠬᠠᠯᠳᠠᠪᠤᠷᠢᠳᠤ ᠲᠠᠭᠰᠢᠭᠤᠷ ᠤᠨ ᠸᠢᠷᠦ᠋ᠰ ᠶᠡᠬᠡ ᠪᠡᠷ ᠲᠠᠮᠵᠢᠭᠳᠠᠵᠤ ᠪᠠᠶᠢᠭ᠎ᠠ ᠪᠤᠯᠬᠤᠷ ᠬᠡᠷ ᠤᠨ ᠠᠬᠠᠮᠡᠳ ᠡᠪᠡᠳᠴᠢᠨ ᠡᠴᠡ ᠰᠡᠷᠬᠡᠶᠢᠯᠡᠬᠦ ᠤᠬᠠᠮᠰᠠᠷ ᠢᠶᠡᠨ ᠲᠡᠭᠡᠭ᠍ᠰᠢᠯᠡᠬᠦᠯᠵᠤ᠂ ᠬᠡᠷ ᠪᠦᠯᠢ ᠶᠢᠨ ᠬᠡᠰᠢᠬᠦᠨ ᠤ ᠡᠷᠡᠬᠦᠯ ᠮᠡᠨᠳᠤ ᠶᠢ ᠰᠠᠶᠢᠳᠤᠷ ᠬᠢᠵᠤ᠂ ᠬᠠᠯᠳᠠᠪᠤᠷᠢᠳᠤ ᠲᠠᠭᠰᠢᠭᠤᠷ ᠵᠡᠷᠬᠡ ᠡᠴᠡ ᠰᠡᠷᠬᠡᠶᠢᠯᠡᠬᠦ ᠶᠢ ᠬᠠᠮᠤᠭ ᠤᠨ ᠶᠡᠬᠡ ᠬᠡᠮᠵᠢᠶ᠎ᠡ ᠪᠡᠷ ᠬᠢᠵᠠᠭᠠᠷᠯᠠᠬᠤ ᠬᠡᠷᠡᠭᠲᠡᠢ ᠬᠡᠵᠤ ᠢᠯᠡᠷᠬᠡᠶᠢᠯᠡᠭᠰᠡᠨ ᠪᠠᠶᠢᠨ᠎ᠠ᠃

    ᠬᠠᠯᠳᠠᠪᠤᠷᠢᠳᠤ ᠲᠠᠭᠰᠢᠭᠤᠷ ᠡᠴᠡ ᠰᠡᠷᠬᠡᠶᠢᠯᠡᠬᠦ ᠳᠤ ᠬᠠᠮᠤᠭ ᠤᠨ ᠴᠢᠬᠤᠯᠠ ᠨᠢ ᠬᠤᠪᠢ ᠬᠦᠮᠦᠨ ᠤ ᠡᠷᠡᠬᠦᠯ ᠮᠡᠨᠳᠤ ᠶᠢ ᠠᠩᠬᠠᠷᠴᠤ᠂ ᠭᠠᠷ ᠢᠶᠡᠨ ᠰᠠᠶᠢᠳᠤᠷ ᠤᠬᠢᠶᠠᠬᠤ ᠬᠡᠷᠡᠭᠲᠡᠢ᠃ ᠲᠤᠯᠠᠭᠠᠬᠠᠨ ᠴᠠᠭ ᠠᠭᠠᠷ ᠲᠤ ᠴᠤᠩᠬᠤ ᠡᠬᠦᠳᠡ ᠪᠡᠨ ᠨᠡᠬᠡᠵᠤ ᠡᠳᠤᠷ ᠲᠤ ᠠᠳᠠᠭ ᠲᠤ ᠪᠠᠨ ᠨᠢᠬᠡ ᠤᠳᠠᠭ᠎ᠠ 30 ᠮᠢᠨᠦ᠋ᠲ ᠤᠷᠴᠢᠮ ᠰᠠᠯᠬᠢ ᠨᠡᠪᠳᠡᠷᠡᠬᠦᠯᠵᠤ᠂ ᠠᠷᠢᠭᠤᠨ ᠴᠡᠪᠡᠷ ᠠᠭᠤᠷ ᠠᠮᠢᠰᠬᠤᠯ ᠢ ᠪᠠᠳᠤᠯᠠᠬᠤ ᠬᠡᠷᠡᠭᠲᠡᠢ᠃ ᠬᠦᠮᠦᠨ ᠬᠠᠷ᠎ᠠ ᠤᠯᠠᠨ᠂ ᠠᠭᠤᠷ ᠠᠮᠢᠰᠬᠤᠯ ᠪᠤᠬᠢᠷᠳᠤᠭᠰᠠᠨ ᠲᠠᠯᠠᠪᠤᠷ ᠲᠤ ᠤᠴᠢᠬᠤ ᠡᠴᠡ ᠲᠠᠳᠠᠭᠠᠯᠵᠠᠬᠤ ᠬᠡᠷᠡᠭᠲᠡᠢ᠃ ᠬᠡᠦᠬᠡᠳ ᠤᠨ ᠡᠳᠤᠷ ᠤᠨ ᠭᠤᠷᠪᠠᠨ ᠴᠠᠭ ᠤᠨ ᠬᠤᠭᠤᠯᠠ ᠶᠢ ᠭᠤᠤᠯ ᠬᠤᠭᠤᠯᠠ᠂ ᠨᠤᠭᠤᠭ᠎ᠠ ᠵᠢᠮᠢᠰ ᠪᠤᠯᠤᠨ ᠮᠢᠬ᠎ᠠ ᠦᠨᠳᠡᠬᠡ ᠶᠢᠨ ᠬᠠᠷᠢᠴᠠᠯ ᠢ 3᠄2᠄1 ᠤᠨ ᠵᠢᠮ᠎ᠠ ᠶᠤᠰᠤ ᠪᠡᠷ ᠢᠳᠡᠬᠦᠯᠵᠤ᠂ ᠰᠢᠨ᠎ᠡ ᠰᠤᠷᠭᠤᠭ ᠨᠤᠭᠤᠭ᠎ᠠ ᠵᠢᠮᠢᠰ ᠢᠯᠡᠬᠦᠬᠡᠨ ᠢᠳᠡᠬᠦ ᠬᠡᠷᠡᠭᠲᠡᠢ᠃ ᠴᠠᠭ ᠠᠭᠠᠷ ᠤᠨ ᠬᠤᠪᠢᠷᠠᠯᠳᠠ ᠶᠢ ᠦᠨᠳᠦᠰᠦᠯᠡᠨ ᠬᠤᠪᠴᠠᠰᠤ ᠬᠤᠨᠠᠷ ᠢᠶᠡᠨ ᠲᠤᠬᠢᠷᠠᠭᠤᠯᠵᠤ ᠲᠤᠯᠠᠭᠠᠯᠠᠭ᠎ᠠ ᠪᠠᠨ ᠠᠩᠬᠠᠷᠬᠤ ᠬᠡᠷᠡᠭᠲᠡᠢ᠂ ᠪᠡᠶ᠎ᠡ ᠶᠢᠨ ᠪᠤᠯᠪᠠᠰᠤᠷᠠᠯ ᠢᠶᠡᠨ ᠴᠢᠩᠭ᠋ᠠᠳᠬᠠᠵᠤ᠂ ᠨᠤᠶᠢᠷ ᠢᠶᠡᠨ ᠪᠠᠳᠤᠯᠠᠬᠤ ᠬᠡᠷᠡᠭᠲᠡᠢ᠃

    ᠰᠤᠷᠭᠠᠭᠤᠯᠢ ᠪᠤᠶᠤ ᠴᠡᠴᠡᠷᠯᠢᠭ᠌᠌ ᠲᠤ᠂ ᠬᠡᠦᠬᠡᠳ ᠢ ᠬᠠᠨᠢᠶᠠᠳᠤ ᠲᠠᠭᠰᠢᠭᠤᠷ ᠲᠤ ᠨᠡᠷᠪᠡᠭ᠍ᠳᠡᠭᠰᠡᠨ ᠪᠤᠶᠤ ᠬᠠᠯᠠᠭᠤᠷᠠᠵᠤ ᠪᠠᠶᠢᠭ᠎ᠠ ᠬᠠᠮᠳᠤ ᠰᠤᠷᠤᠭᠴᠢ ᠲᠠᠢ ᠨᠢ ᠤᠶᠢᠷᠠᠳᠤᠭᠤᠯᠬᠤ ᠶᠢ ᠬᠢᠴᠢᠶᠡᠬᠦ ᠬᠡᠷᠡᠭᠲᠡᠢ᠃ ᠬᠡᠷᠪᠡ ᠡᠪᠡᠳᠴᠢᠳᠡᠡ ᠲᠠᠢ ᠤᠶᠢᠷᠠᠳᠬᠤ ᠳᠤ ᠬᠦᠷᠪᠡᠯ ᠵᠠᠪᠠᠯ ᠠᠮᠠᠪᠴᠢ ᠵᠡᠬᠦᠯᠬᠡᠵᠤ᠂ ᠠᠭᠤᠯᠵᠠᠵᠤ ᠪᠠᠷᠠᠭᠰᠠᠨ ᠤ ᠲᠠᠷᠠᠭ᠎ᠠ ᠭᠠᠷ ᠢᠶᠡᠨ ᠤᠬᠢᠶᠠᠬᠤ ᠬᠡᠷᠡᠭᠲᠡᠢ᠃

ᠢᠷᠡᠯᠳᠡ᠄ ᠪᠡᠭᠡᠵᠢᠩ ᠤᠨ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120701122210948