蒙古文网站Logo
ᠰᠢᠨᠬᠤᠸᠠ ᠮᠤᠩᠭ᠋ᠤᠯ ᠨᠧᠲ

ᠬᠠᠷᠠᠮᠦ᠋ᠷᠡᠨ ᠶᠠᠳᠠᠭᠤ ᠬᠦᠴᠢᠷᠳᠡᠯᠲᠡᠢ ᠬᠦᠨᠳᠤ ᠡᠪᠡᠳᠴᠢᠳᠡᠳ ᠤᠨ 9 ᠲᠦᠷᠦᠯ ᠤᠨ ᠬᠦᠨᠳᠤ ᠡᠪᠡᠳᠴᠢᠨ ᠡᠮᠴᠢᠯᠡᠬᠦ ᠳᠤ ᠬᠠᠮᠤᠭ ᠤᠨ ᠦᠨᠳᠤᠷ ᠬᠢᠵᠠᠭᠠᠷᠯᠠᠬᠤ ᠦᠨ᠎ᠠ ᠲᠤᠬᠲᠠᠭᠠᠪᠠ

2018-01-08 17:06

    ᠰᠢᠨᠬᠤᠸᠠ ᠬᠤᠷᠢᠶ᠎ᠠ ᠬᠠᠷᠪᠢᠨ ᠤ 1 ᠰᠠᠷ᠎ᠠ ᠶᠢᠨ 5 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠶᠠᠨ ᠷᠦᠢ) ᠲᠦᠷᠦᠬᠦᠬᠡᠨ᠂ ᠬᠦᠳᠡᠬᠡ ᠲᠤᠰᠬᠤᠨ ᠳᠤ ᠲᠠᠩᠰᠠ ᠪᠠᠶᠢᠭᠤᠯᠤᠭᠰᠠᠨ ᠶᠠᠳᠠᠭᠤ ᠡᠷᠦᠬᠡ ᠶᠢᠨ ᠬᠦᠨᠳᠤ ᠡᠪᠡᠳᠴᠢᠳᠠᠨ ᠤ ᠡᠮᠴᠢᠯᠡᠬᠦᠯᠬᠦ ᠲᠠᠷᠤᠭᠠᠰᠤ ᠶᠢ ᠬᠦᠩᠭᠡᠯᠡᠬᠦ ᠶᠢᠨ ᠲᠦᠯᠦᠬᠡ ᠬᠠᠷᠠᠮᠦ᠋ᠷᠡᠨ ᠮᠤᠵᠢ ᠶᠢᠨ ᠡᠷᠡᠬᠦᠯ ᠮᠡᠨᠳᠤ  ᠲᠦᠯᠦᠪᠯᠡᠬᠡᠳᠤ ᠦᠷᠡᠵᠢᠯ ᠤᠨ ᠵᠦᠪᠯᠡᠯ ᠵᠡᠷᠬᠡ ᠤᠯᠠᠨ ᠰᠠᠯᠠᠭ᠎ᠠ ᠮᠦᠴᠢᠷ ᠬᠠᠮᠳᠤᠷᠠᠨ ᠮᠡᠳᠡᠭᠳᠡᠯ ᠲᠠᠷᠬᠠᠭᠠᠵᠤ᠂ ᠡᠷᠡᠬᠦᠯ ᠮᠡᠨᠳᠤ ᠪᠡᠷ ᠶᠠᠳᠠᠭᠤ ᠶᠢ ᠲᠡᠳᠬᠦᠵᠤ 9 ᠲᠦᠷᠦᠯ ᠤᠨ ᠬᠦᠨᠳᠤ ᠡᠪᠡᠳᠴᠢᠨ ᠢ ᠮᠤᠵᠢ ᠶᠢᠨ ᠬᠤᠶᠠᠷ᠂ ᠭᠤᠷᠪᠠᠳᠤᠭᠠᠷ ᠲᠡᠰ ᠤᠨ ᠲᠤᠭᠳᠠᠭᠰᠠᠨ ᠡᠮᠨᠡᠯᠬᠡ ᠶᠢᠨ ᠪᠠᠶᠢᠭᠤᠯᠤᠮᠵᠢ ᠳᠤ ᠲᠦᠪᠯᠡᠷᠡᠬᠦᠯᠦᠨ ᠡᠮᠴᠢᠯᠡᠬᠦ ᠠᠵᠢᠯᠯᠠᠭ᠎ᠠ ᠦᠷᠨᠢᠬᠦᠯᠬᠦ ᠶᠢᠨ ᠲᠠᠭᠠᠤ ᠡᠪᠡᠳᠴᠢᠨ ᠤ ᠲᠦᠷᠦᠯ ᠢᠶᠡᠷ ᠵᠠᠷᠤᠳᠠᠯ ᠬᠤᠷᠢᠶᠠᠵᠤ᠂ ᠬᠠᠮᠤᠭ ᠤᠨ ᠦᠨᠳᠤᠷ ᠬᠢᠵᠠᠭᠠᠷᠯᠠᠬᠤ ᠦᠨ᠎ᠠ ᠲᠤᠬᠲᠠᠭᠠᠨ᠎ᠠ ᠬᠡᠵᠡᠢ᠃

    ᠬᠠᠷᠠᠮᠦ᠋ᠷᠡᠨ ᠮᠤᠵᠢ᠂ ᠡᠯ᠎ᠡ ᠭᠠᠵᠠᠷ ᠤᠷᠤᠨ ᠦᠨᠳᠦᠰᠦᠨ ᠡᠮᠨᠡᠯᠬᠡ ᠶᠢᠨ ᠲᠠᠭᠠᠳᠬᠠᠯ᠂ ᠬᠦᠨᠳᠤ ᠡᠪᠡᠳᠴᠢᠨ ᠤ ᠲᠠᠭᠠᠳᠬᠠᠯ᠂ ᠡᠮᠴᠢᠯᠡᠬᠡᠨ ᠤ ᠲᠤᠰᠠᠯᠠᠮᠵᠢ᠂ ᠠᠵᠤ ᠠᠬᠤᠶᠢᠯᠠᠯ ᠤᠨ ᠡᠷᠡᠬᠦᠯ ᠮᠡᠨᠳᠤ ᠳᠤ ᠨᠦᠬᠦᠪᠦᠷᠢᠯᠡᠬᠦ ᠲᠠᠭᠠᠳᠬᠠᠯ ᠵᠢᠴᠢ ᠤᠨᠴᠠ ᠬᠦᠴᠢᠷᠳᠡᠯᠲᠡᠢ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠪᠠᠳᠤᠯᠠᠭ᠎ᠠ ᠵᠡᠷᠬᠡ ᠲᠦᠷᠢᠮ ᠲᠤᠭᠳᠠᠭᠠᠯ ᠤᠨ ᠬᠤᠯᠪᠤᠭᠠᠯᠠᠭᠰᠠᠨ ᠪᠠᠳᠤᠯᠠᠭ᠎ᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠡᠪᠡᠳᠴᠢᠳᠡᠨ ᠤ ᠦᠪᠡᠷ ᠢᠶᠡᠨ ᠲᠤᠭᠠᠴᠠᠬᠤ ᠵᠠᠷᠤᠳᠠᠯ ᠢ ᠪᠠᠭᠠᠰᠬᠠᠨ᠎ᠠ᠃ ᠰᠢᠶᠠᠨ ᠤ ᠲᠡᠰ ᠤᠨ ᠡᠮᠨᠡᠯᠬᠡ ᠶᠢᠨ ᠲᠤᠰᠬᠠᠢ ᠡᠮᠴᠢᠯᠡᠭᠡᠨ ᠤ ᠡᠮᠴᠢ ᠶᠢᠨ ᠪᠠᠭ ᠬᠠᠷᠭᠤᠯᠳᠤᠬᠰᠠᠨ ᠡᠪᠡᠳᠴᠢᠨ ᠤ ᠲᠦᠷᠦᠯ ᠢᠶᠡᠷ ᠨᠢ ᠲᠤᠰᠠᠯᠠᠨ ᠡᠮᠴᠢᠯᠡᠭᠡᠳ᠂ ᠲᠡᠭᠡᠷ᠎ᠡ ᠲᠡᠰ ᠤᠨ ᠡᠮᠨᠡᠯᠬᠡ ᠳᠤ ᠰᠢᠯᠵᠢᠬᠦᠯᠬᠦ ᠪᠤᠶᠤ ᠡᠷᠡᠬᠦᠯᠵᠢᠬᠦᠯᠬᠦ ᠲᠠᠰᠤᠭ ᠲᠠᠢ ᠬᠠᠷᠢᠯᠴᠠᠬᠤ ᠂ ᠵᠢᠯᠤᠭᠤᠳᠬᠤ ᠪᠤᠶᠤ ᠡᠮᠴᠢᠯᠡᠬᠡᠨ ᠤ ᠵᠠᠷᠤᠳᠠᠯ  ᠢ ᠨᠢ ᠴᠠᠶᠢᠷᠠᠭᠤᠯᠤᠨ᠎ᠠ᠃

    ᠤᠶᠢᠯᠠᠭᠠᠭᠰᠠᠨ ᠢᠶᠡᠷ᠂ ᠬᠠᠷᠠᠮᠦ᠋ᠷᠡᠨ ᠮᠤᠵᠢ ᠶᠢᠨ ᠬᠦᠳᠡᠬᠡ ᠲᠤᠰᠬᠤᠨ ᠤ ᠶᠠᠳᠠᠭᠤ ᠬᠦᠴᠢᠷᠳᠡᠯᠲᠡᠢ ᠬᠦᠨᠳᠤ ᠡᠪᠡᠳᠴᠢᠳᠡᠳ ᠲᠤᠭᠳᠠᠭᠰᠠᠨ ᠡᠮᠨᠡᠯᠬᠡ ᠳᠤ ᠰᠠᠭᠤᠵᠤ 《 ᠤᠷᠢᠳᠠᠪᠡᠷ ᠡᠮᠴᠢᠯᠡᠬᠦᠯᠵᠤ ᠲᠠᠷᠠᠭ᠎ᠠ ᠨᠢ ᠲᠤᠭᠠᠴᠠᠭ᠎ᠠ ᠬᠢᠬᠦ》 ᠪᠤᠯᠤᠨ 《 ᠨᠢᠬᠡ ᠦᠷᠳᠡᠭᠡᠴᠢᠯᠡᠭᠰᠡᠨ》 ᠦᠢᠯᠡᠴᠢᠯᠡᠬᠡ  ᠬᠦᠷᠳᠡᠵᠦ ᠪᠤᠢ᠃ ᠡᠯ᠎ᠡ ᠱᠠᠳᠤᠨ ᠤ ᠡᠷᠡᠬᠦᠯ ᠮᠡᠨᠳᠤ ᠪᠡᠷ ᠶᠠᠳᠠᠭᠤ ᠶᠢ ᠲᠡᠳᠬᠦᠨ ᠲᠦᠪᠯᠡᠷᠡᠬᠦᠯᠦᠨ ᠡᠮᠴᠢᠯᠡᠬᠦ ᠲᠤᠭᠳᠠᠭᠰᠠᠨ ᠡᠮᠨᠡᠯᠬᠡ᠂ ᠡᠮᠴᠢᠯᠡᠬᠡᠨ ᠤ ᠦᠢᠯᠡᠴᠢᠯᠡᠬᠡ ᠶᠢᠨ ᠴᠢᠨᠠᠷ ᠤᠨ ᠠᠶᠤᠯᠬᠦᠢ ᠶᠢᠨ ᠤᠬᠠᠮᠰᠠᠷ ᠢᠶᠡᠨ ᠴᠢᠩᠭ᠋ᠠᠳᠬᠠᠵᠤ᠂ ᠡᠮᠴᠢᠯᠡᠬᠦ ᠠᠵᠢᠯᠯᠠᠭ᠎ᠠ ᠪᠡᠨ ᠲᠦᠷᠢᠮᠵᠢᠬᠦᠯᠦᠨ᠂ ᠡᠪᠡᠳᠴᠢᠨ ᠤ ᠲᠦᠷᠦᠯ ᠢᠶᠡᠷ ᠡᠮᠴᠢᠯᠡᠬᠦ ᠦᠢᠯᠡᠴᠢᠯᠡᠬᠡᠨ ᠤ ᠴᠢᠨᠠᠷ ᠢ ᠡᠵᠡᠮᠳᠡᠬᠦ ᠵᠢᠴᠢ ᠵᠠᠷᠤᠳᠠᠯ ᠬᠤᠷᠢᠶᠠᠬᠤ ᠶᠢ ᠬᠠᠮᠢᠶᠠᠷᠤᠨ᠎ᠠ᠃ 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120691122227953