蒙古文网站Logo
ᠰᠢᠨᠬᠤᠸᠠ ᠮᠤᠩᠭ᠋ᠤᠯ ᠨᠧᠲ

ᠦᠨᠦ ᠵᠢᠯ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠵᠥᠪᠯᠡᠯ ᠭᠤᠤᠯᠳᠠᠭᠤ 10 ᠲᠦᠷᠦᠯ ᠤᠨ ᠠᠵᠢᠯ ᠢ ᠰᠠᠶᠢᠳᠤᠷ ᠬᠢᠬᠦ ᠪᠡᠷ ᠪᠤᠢ

2018-01-10 16:40

    1 ᠰᠠᠷ᠎ᠠ ᠶᠢᠨ 9 ᠤ ᠡᠳᠤᠷ᠂ ᠤᠯᠤᠰ ᠤᠨ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠵᠦᠪᠯᠡᠯ ᠬᠡᠪᠯᠡᠯ ᠮᠡᠳᠡᠬᠡᠯᠡᠯ ᠤᠨ ᠡᠬᠡᠯᠵᠢᠳᠤ ᠬᠤᠷᠠᠯ ᠬᠤᠷᠠᠯᠳᠤᠭᠤᠯᠵᠤ᠂ 2018 ᠤᠨ ᠤ ᠭᠤᠤᠯᠳᠠᠯᠭ᠎ᠠ ᠲᠠᠢ ᠡᠬᠦᠷᠬᠡ  ᠪᠡᠨ ᠲᠠᠨᠢᠯᠴᠠᠭᠤᠯᠪᠠ᠃ ᠦᠨᠦ ᠵᠢᠯ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠰᠢᠰᠲ᠋ᠧᠮ 《 ᠲᠤᠭᠳᠠᠭᠤᠨ》 ᠪᠤᠯᠤᠨ 《 ᠠᠬᠢᠴᠠ》 ᠶ᠋ᠢᠨ ᠬᠤᠪᠢᠰᠤᠩᠭ᠋ᠤᠢ ᠬᠠᠷᠢᠴᠠᠭ᠎ᠠ ᠶᠢ ᠰᠠᠶᠢᠳᠤᠷ ᠡᠵᠡᠮᠳᠡᠵᠤ᠂ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠪᠠᠶᠢᠷᠢᠯᠠᠭᠤᠯᠤᠭᠰᠠᠨ ᠡᠮᠨᠡᠯᠬᠡ ᠶᠢᠨ ᠦᠬᠡᠷᠡᠴᠢᠯᠡᠯᠳᠡ ᠶᠢᠨ ᠠᠷᠭ᠎ᠠ ᠬᠡᠮᠵᠢᠶ᠎ᠡ ᠶᠢ ᠬᠦᠨᠵᠡᠭᠡᠶᠢᠷᠡᠬᠦᠯᠬᠦ ᠪᠤᠯᠤᠨ ᠨᠠᠮ ᠤᠨ ᠠᠷᠪᠠ ᠶᠢᠰᠦᠳᠤᠬᠡᠷ ᠶᠡᠬᠡ ᠬᠤᠷᠠᠯ ᠳᠤ ᠲᠤᠭᠳᠠᠭᠠᠭᠰᠠᠨ ᠡᠮᠨᠡᠯᠬᠡ ᠶᠢᠨ ᠰᠢᠨ᠎ᠡ ᠡᠬᠦᠷᠬᠡ ᠶᠢ ᠨᠢᠬᠡᠳᠤᠯᠲᠡᠢ ᠲᠦᠯᠦᠪᠵᠢᠬᠦᠯᠦᠨ ᠠᠬᠢᠭᠤᠯᠵᠤ᠂ ᠡᠮᠴᠢᠯᠡᠬᠡ ᠡᠷᠡᠬᠦᠯ ᠬᠠᠮᠠᠭᠠᠯᠠᠯ ᠤᠨ ᠴᠢᠨᠠᠷ ᠤᠨ ᠠᠶᠤᠯᠬᠦᠢ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ 10 ᠲᠠᠯ᠎ᠠ ᠶᠢᠨ ᠠᠵᠢᠯ ᠢ ᠰᠠᠶᠢᠳᠤᠷ ᠬᠢᠨ᠎ᠡ ᠬᠡᠵᠡᠢ᠃

    ᠡᠨᠡᠬᠦ 10 ᠲᠦᠷᠦᠯ ᠤᠨ ᠴᠢᠬᠤᠯᠠ ᠠᠵᠢᠯᠯᠠᠭ᠎ᠠ ᠳᠤ ᠭᠤᠤᠯᠳᠠᠭᠤ᠄

    ᠨᠢᠬᠡ᠂ ᠡᠮ ᠡᠮᠨᠡᠯᠬᠡ ᠡᠷᠡᠬᠦᠯ ᠮᠡᠨᠳᠤ ᠶᠢᠨ ᠲᠤᠭᠳᠠᠯᠴᠠᠭᠠᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠲᠡᠰ ᠬᠤᠪᠢᠶᠠᠨ ᠡᠮᠴᠢᠯᠡᠬᠦ ᠠᠬᠢᠴᠠ ᠶᠢ ᠲᠦᠷᠭᠡᠳᠭᠡᠵᠤ᠂ ᠡᠮ ᠢᠶᠡᠷ ᠡᠮᠴᠢᠯᠡᠬᠦ ᠶᠢ ᠤᠷᠤᠯᠠᠭᠤᠯᠬᠤ ᠶᠢ ᠦᠭᠡᠢᠢᠰᠭᠡᠬᠦ ᠦᠬᠡᠷᠡᠴᠢᠯᠡᠯᠳᠡ ᠶᠢᠨ ᠪᠦᠲᠦᠮᠵᠢ ᠶᠢ ᠪᠠᠳᠤᠳᠬᠠᠵᠤ᠂ ᠡᠮᠴᠢᠯᠡᠬᠡᠨ ᠤ ᠲᠠᠭᠠᠳᠬᠠᠯ ᠤᠨ ᠰᠢᠰᠲ᠋ᠧᠮ ᠢ ᠤᠯᠠᠮ ᠪᠦᠷᠢᠨᠰᠢᠬᠦᠯᠵᠤ᠂ ᠡᠮ ᠬᠠᠩᠭ᠋ᠠᠬᠤ ᠪᠠᠳᠤᠯᠠᠭ᠎ᠠ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠶᠡᠷᠦᠩᠬᠡᠶᠢᠯᠡᠭᠰᠡᠨ ᠬᠢᠨᠠᠨ ᠬᠠᠮᠢᠶᠠᠷᠤᠯᠳᠠ ᠶᠢᠨ ᠲᠦᠷᠢᠮ ᠢ ᠲᠡᠭᠦᠯᠳᠡᠷᠵᠢᠭᠦᠯᠦᠨ ᠪᠠᠶᠢᠭᠤᠯᠤᠨ᠎ᠠ᠃ 

    ᠬᠤᠶᠠᠷ᠂ ᠦᠨᠳᠦᠰᠦᠨ ᠱᠠᠳᠤᠨ ᠤ ᠡᠮᠴᠢᠯᠡᠬᠡ ᠡᠷᠡᠬᠦᠯ ᠮᠡᠨᠳᠤ ᠶᠢᠨ ᠦᠢᠯᠡᠴᠢᠯᠡᠬᠡᠨ ᠤ ᠴᠢᠳᠠᠮᠵᠢ ᠪᠤᠯᠤᠨ ᠴᠢᠨᠠᠷ ᠢ ᠲᠡᠭᠡᠭ᠍ᠰᠢᠯᠡᠬᠦᠯᠵᠤ᠂ ᠨᠡᠩ ᠤᠯᠠᠨ ᠴᠢᠳᠠᠪᠤᠷᠢᠳᠠᠨ ᠮᠡᠷᠭᠡᠵᠢᠯ᠂ ᠬᠦᠷᠦᠩᠬᠡ ᠪᠤᠳᠠᠰ ᠤᠨ ᠬᠦᠴᠦᠨ᠂ ᠠᠰᠢᠭᠲᠠᠢ ᠲᠦᠷᠦ ᠶᠢᠨ ᠪᠤᠳᠤᠯᠭ᠎ᠠ ᠶᠢ ᠦᠨᠳᠦᠰᠦᠨ ᠱᠠᠳᠤ ᠤᠷᠤᠭᠤ ᠢᠯᠡᠬᠦᠦ ᠬᠡᠯᠪᠡᠶᠢᠯᠭᠡᠵᠦ᠂ ᠬᠡᠷ ᠪᠦᠯᠢ ᠶᠢᠨ ᠡᠮᠴᠢ ᠶᠢᠨ ᠬᠡᠷ᠎ᠡ ᠶᠢᠨ ᠦᠢᠯᠡᠴᠢᠯᠡᠬᠡ ᠶᠢ ᠰᠠᠶᠢᠳᠤᠷ ᠬᠢᠬᠦ ᠬᠡᠷᠡᠭᠲᠡᠢ᠃

    ᠭᠤᠷᠪᠠ᠂ ᠬᠦᠨᠳᠤ ᠡᠪᠡᠳᠴᠢᠨ  ᠬᠢᠵᠢᠭ᠌  ᠢ ᠰᠡᠷᠬᠡᠶᠢᠯᠡᠵᠤ᠂ ᠡᠪᠡᠳᠴᠢᠨ ᠡᠮᠭᠡᠭ ᠢ ᠰᠡᠷᠬᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠳᠠ ᠶᠢ ᠴᠢᠩᠭ᠋ᠠᠳᠬᠠᠨ᠎ᠠ᠃

    ᠲᠦᠷᠪᠡ᠂ ᠡᠮᠴᠢᠯᠡᠬᠦ ᠦᠢᠯᠡᠴᠢᠯᠡᠬᠡᠨ ᠤ ᠴᠢᠨᠠᠷ ᠤᠨ ᠠᠶᠤᠯᠬᠦᠢ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭ᠍ᠰᠢᠯᠡᠬᠦᠯᠦᠨ᠂ ᠰᠢᠨ᠎ᠡ ᠡᠬᠡᠯᠵᠢ ᠶᠢᠨ ᠡᠮᠴᠢᠯᠡᠬᠦ ᠦᠢᠯᠡᠴᠢᠯᠡᠬᠡᠨ ᠤ 3 ᠵᠢᠯ ᠤᠨ ᠠᠵᠢᠯ ᠤᠨ ᠲᠦᠯᠦᠪᠯᠡᠬᠡ ᠪᠠᠨ ᠡᠬᠢᠯᠡᠬᠦᠯᠵᠤ᠂ ᠡᠮᠴᠢᠯᠡᠬᠡᠨ ᠤ ᠴᠢᠨᠠᠷ ᠤᠨ ᠠᠶᠤᠯᠬᠦᠢ ᠶᠢᠨ ᠭᠤᠤᠯ ᠲᠦᠷᠢᠮ ᠲᠤᠭᠳᠠᠭᠠᠯ ᠢ ᠬᠢᠨᠠᠮᠠᠭᠠᠢ ᠲᠤᠤᠱᠯᠠᠭᠤᠯᠤᠨ᠎ᠠ᠃

    ᠲᠠᠪᠤ᠂ ᠡᠷᠡᠬᠦᠯ ᠮᠡᠨᠳᠤ ᠪᠡᠷ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠬᠦᠯᠬᠦ ᠶᠢ ᠬᠦᠨᠵᠡᠬᠡᠶᠢᠷᠡᠬᠦᠯᠵᠤ᠂ ᠬᠦᠳᠡᠬᠡ ᠲᠤᠰᠬᠤᠨ ᠤ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠡᠮᠴᠢᠯᠡᠬᠡᠨ ᠤ ᠪᠠᠳᠤᠯᠠᠭ᠎ᠠ ᠶᠢᠨ ᠪᠠᠶᠢᠭᠤᠯᠤᠮᠵᠢ ᠶᠢ ᠪᠦᠷᠢᠨᠰᠢᠬᠦᠯᠵᠤ᠂ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠡᠷᠡᠬᠦᠯ ᠮᠡᠨᠳᠤ ᠪᠡᠷ ᠶᠠᠳᠠᠭᠤ ᠶᠢ ᠲᠡᠳᠬᠦᠬᠦ ᠰᠢᠪᠳᠤᠯᠤᠯᠳᠠ ᠶᠢᠨ ᠠᠵᠢᠯᠯᠠᠭ᠎ᠠ ᠦᠷᠨᠢᠬᠦᠯᠦᠨ᠎ᠡ᠃

    ᠵᠢᠷᠭᠤᠭ᠎ᠠ᠂ ᠬᠢᠳᠠᠳ ᠡᠮ ᠡᠮᠨᠡᠯᠬᠡ ᠶᠢᠨ ᠦᠢᠯᠡᠰ ᠢ ᠤᠯᠠᠮᠵᠢᠯᠠᠨ ᠬᠦᠭ᠍ᠵᠢᠬᠦᠯᠵᠤ᠂ ᠬᠢᠳᠠᠳ ᠡᠮ ᠡᠮᠨᠡᠯᠭᠡ ᠶᠢ ᠤᠯᠠᠮᠵᠢᠯᠠᠵᠤ ᠰᠤᠷᠭᠠᠬᠤ  ᠶᠢ ᠤᠯᠠᠮ ᠢᠶᠡᠷ ᠬᠦᠨᠵᠡᠬᠡᠶᠢᠷᠡᠬᠦᠯᠦᠨ᠎ᠡ᠃

    ᠲᠤᠯᠤᠭ᠎ᠠ᠂ ᠡᠷᠡᠬᠦᠯ ᠮᠡᠨᠳᠤ ᠶᠢᠨ ᠠᠵᠤ ᠦᠢᠯᠡᠰ ᠢ ᠶᠡᠬᠡᠪᠡᠷ ᠬᠦᠭ᠍ᠵᠢᠬᠦᠯᠦᠨ᠂ 《 ᠢᠨᠲ᠋ᠧᠷᠨᠧᠲ + ᠡᠮᠴᠢᠯᠡᠬᠡ ᠡᠷᠡᠬᠦᠯ ᠬᠠᠮᠠᠭᠠᠯᠠᠯ》 ᠤ᠋ᠨ ᠬᠦ᠍ᠭ᠍ᠵᠢᠯᠲᠡ ᠶᠢ ᠠᠬᠢᠭᠤᠯᠵᠤ᠂ ᠨᠡᠶᠢᠬᠡᠮ ᠤᠨ ᠬᠦᠷᠦᠩᠬᠡ ᠶᠢ ᠡᠮᠴᠢᠯᠡᠭᠡᠨ ᠳᠤ ᠬᠡᠷᠡᠭᠯᠡᠬᠦ᠂ ᠡᠮᠴᠢᠯᠡᠬᠦ ᠰᠤᠪᠢᠯᠠᠬᠤ ᠶᠢ ᠤᠶᠠᠯᠳᠤᠭᠤᠯᠬᠤ ᠵᠡᠷᠬᠡ ᠶᠢ ᠵᠤᠷᠢᠭᠵᠢᠭᠤᠯᠤᠨ᠎ᠠ᠃

    ᠨᠠᠶ᠋ᠮᠠ᠂ ᠬᠤᠶᠠᠳᠤᠭᠠᠷ ᠬᠡᠦᠬᠡᠳ ᠤᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠪᠦᠬᠦ ᠲᠠᠯ᠎ᠠ ᠪᠡᠷ ᠬᠡᠷᠡᠭᠵᠢᠬᠦᠯᠦᠨ᠂ ᠬᠦᠮᠦᠨ ᠠᠮᠠ ᠶᠢᠨ ᠬᠦᠭ᠍ᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠢ ᠴᠢᠩᠭ᠋ᠠᠳᠬᠠᠵᠤ᠂ ᠦᠷᠡᠵᠢᠯ ᠤᠨ ᠪᠦᠬᠦ ᠶᠠᠪᠤᠴᠠ ᠳᠤ ᠦᠨᠳᠤᠰᠦᠨ ᠡᠮᠴᠢᠯᠡᠬᠡᠨ ᠤ ᠪᠠᠳᠤᠯᠠᠭ᠎ᠠ ᠶᠢᠨ ᠦᠢᠯᠡᠴᠢᠯᠡᠬᠡᠨ ᠤ ᠬᠡᠯᠬᠢᠶ᠎ᠡ ᠶᠢ ᠪᠠᠶᠢᠭᠤᠯᠤᠨ᠎ᠠ᠃

ᠢᠷᠡᠯᠳᠡ᠄ ᠡᠷᠡᠬᠦᠯ ᠮᠡᠨᠳᠤ ᠶᠢᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122239521