蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ ᠤᠯᠤᠰ ᠤᠨ ᠰᠢᠯᠭᠠᠯᠳᠠ ᠶᠢ ᠢᠨᠲ᠋ᠧᠷᠨᠧᠲ ᠢᠶᠡᠷ ᠯᠠᠪᠯᠠᠬᠤ ᠭᠠᠷᠠᠭ ᠤᠨ ᠠᠵᠢᠯᠯᠠᠭ᠎ᠠ ᠳᠤᠬᠢᠷᠠᠭᠤᠯᠪᠠ ᠍

2016-06-12 10:59

    ᠰᠢᠯᠭᠠᠭᠤᠯᠤᠭᠰᠠᠳ ᠤᠨ ᠶᠡᠬᠡ ᠳᠡᠭᠡᠳᠦ ᠰᠤᠷᠭᠠᠭᠤᠯᠢ ᠳᠤ ᠨᠡᠷ᠎ᠡ ᠪᠦᠷᠢᠳᠬᠡᠬᠦᠯᠬᠦ ᠣᠶᠢᠯᠡᠴᠢᠯᠡᠭᠡ ᠶᠢ ᠴᠢᠩᠭ᠋ᠠᠳᠬᠠᠬᠤ ᠶᠢᠨ ᠳᠥᠯᠥᠭᠡ ᠵᠤᠬᠢᠶᠠᠨ ᠪᠠᠶᠢᠭᠤᠯᠵᠤ ᠪᠠᠶᠢᠭ᠎ᠠ ᠰᠤᠷᠭᠠᠨ ᠬᠦᠮᠦᠵᠢᠯ ᠦᠨ ᠶᠠᠮᠤᠨ ᠤ《2016 ᠣᠨ ᠤ ᠪᠥᠬᠦ ᠤᠯᠤᠰ ᠤᠨ ᠡᠩ ᠦᠨ ᠶᠡᠬᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠤᠬᠠᠢ ᠢᠨᠲ᠋ᠧᠷᠨᠧᠲ ᠢᠶᠡᠷ ᠯᠠᠪᠯᠠᠬᠤ ᠭᠠᠷᠠᠭ》᠍ ᠤᠨ ᠠᠵᠢᠯᠯᠠᠭ᠎ᠠ 6 ᠰᠠᠷ᠎ᠠ ᠶᠢᠨ 12 ᠍ ᠤᠨ ᠡᠳᠦᠷ ᠡᠬᠢᠯᠡᠬᠦ ᠪᠣᠯᠤᠨ᠎ᠠ᠃

    ᠲᠠᠨᠢᠯᠴᠠᠭᠤᠯᠤᠭᠰᠠᠨ ᠢᠶᠠᠷ᠂ ᠪᠥᠬᠦ ᠤᠯᠤᠰ ᠤᠨ ᠡᠯ᠎ᠡ ᠮᠤᠵᠢ ᠬᠣᠲᠠ ᠶᠢᠨ ᠰᠢᠯᠭᠠᠭᠤᠯᠤᠭᠰᠠᠳ ᠤᠨ ᠡᠷᠡᠮᠡᠯᠵᠡᠯ ᠲᠠᠭᠯᠠᠬᠤ ᠴᠠᠭ ᠤᠨ ᠲᠣᠬᠢᠷᠠᠭᠤᠯᠤᠯᠲᠠ ᠶᠢ ᠦᠨᠳᠦᠰᠦᠯᠡᠵᠦ᠂ ᠡᠨᠡ ᠵᠢᠯ ᠢᠨᠲ᠋ᠧᠷᠨᠧᠲ ᠢᠶᠡᠷ ᠯᠠᠪᠯᠠᠬᠤ ᠠᠵᠢᠯᠯᠠᠭ᠎ᠠ ᠶᠢ ᠬᠣᠶᠠᠷ ᠱᠠᠲᠤ ᠬᠤᠪᠢᠶᠠᠨ ᠶᠠᠪᠤᠭᠳᠠᠭᠤᠯᠤᠨ᠎ᠠ᠂ ᠨᠢᠭᠡᠳᠦᠭᠡᠷ ᠱᠠᠲᠤ ᠨᠢ 6 ᠰᠠᠷ᠎ᠠ ᠶᠢᠨ 12 ᠍ ᠤᠨ ᠡᠳᠦᠷ ᠡᠴᠡ 14 ᠍ ᠦ ᠡᠳᠦᠷ ᠪᠣᠯᠲᠠᠯ᠎ᠠ; ᠬᠣᠶᠠᠳᠤᠭᠠᠷ ᠱᠠᠲᠤ ᠨᠢ 6 ᠰᠠᠷ᠎ᠠ ᠶᠢᠨ 22 ᠍ ᠤᠨ ᠡᠳᠦᠷ ᠡᠴᠡ 28 ᠍ ᠦ ᠡᠳᠦᠷ ᠪᠣᠯᠲᠠᠯ᠎ᠠ; ᠡᠳᠦᠷ ᠪᠦᠷᠢ ᠶᠢᠨ ᠯᠠᠪᠯᠠᠬᠤ ᠴᠠᠭ ᠨᠢ 9᠄00 ᠴᠠᠭ ᠠᠴᠠ 17᠄00 ᠴᠠᠭ ᠬᠦᠷᠲᠡᠯ᠎ᠡ᠃ ᠳᠤᠰ ᠠᠵᠢᠯᠯᠠᠭ᠎ᠠ ᠳᠤ᠂ ᠰᠤᠷᠭᠠᠨ ᠬᠦᠮᠦᠵᠢᠯ ᠦᠨ ᠶᠠᠮᠤᠨ ᠤ ᠰᠢᠭᠤᠳ ᠬᠠᠷᠢᠶ᠎ᠠ ᠶᠡᠬᠡ ᠳᠡᠭᠡᠳᠦ ᠰᠤᠷᠭᠠᠭᠤᠯᠢ᠂ 《211 ᠢᠨᠵᠧᠨᠧᠷᠢᠩ》 ᠍ ᠦᠨ ᠶᠡᠬᠡ ᠳᠡᠭᠡᠳᠦ ᠰᠤᠷᠭᠠᠭᠤᠯᠢ᠂ ᠣᠯᠠᠩᠬᠢ ᠲᠣᠭᠠᠨ ᠤ ᠮᠤᠵᠢ ᠠᠯᠤᠰᠯᠠᠨ ᠰᠣᠷᠣᠭᠴᠢ ᠡᠯᠰᠡᠬᠦ ᠵᠢᠩᠬᠢᠨᠢ ᠠᠩᠬᠢ ᠶᠢᠨ ᠶᠡᠬᠡ ᠳᠡᠭᠡᠳᠦ ᠰᠤᠷᠭᠠᠭᠤᠯᠢ ᠶᠢᠨ ᠬᠢᠨ ᠤᠲᠠᠰᠤ ᠪᠠᠷ ᠠᠰᠠᠭᠤᠯᠲᠠ ᠬᠠᠷᠢᠭᠤᠯᠵᠤ᠂ ᠹᠦᠵᠢᠶᠠᠨ᠂ ᠡᠾᠧᠨᠠᠨ ᠵᠡᠷᠭᠡ ᠬᠡᠰᠡᠭ ᠮᠤᠵᠢ ᠬᠣᠲᠠ ᠶᠢᠨ ᠬᠢᠨ ᠲᠠᠪᠴᠠᠩ ᠳᠡᠭᠡᠷ᠎ᠡ ᠮᠤᠵᠢ ᠬᠣᠲᠠ ᠶᠢᠨ ᠯᠠᠪᠯᠠᠭ᠎ᠠ ᠠᠪᠬᠤ ᠲᠤᠰᠬᠠᠢ ᠲᠠᠯᠠᠪᠠᠢ ᠭᠠᠷᠭᠠᠨ᠎ᠠ᠂ ᠪᠣᠳᠠᠲᠠᠢ ᠲᠤᠬᠢᠷᠠᠭᠤᠯᠬᠤ ᠴᠠᠭ ᠢ ᠲᠤᠬᠠᠢ ᠶᠢᠨ ᠦᠶ᠎ᠡ ᠳᠤ ᠲᠠᠪᠴᠠᠩ ᠳᠡᠭᠡᠷ᠎ᠡ ᠨᠡᠶᠢᠳᠡᠯᠡᠨ᠎ᠡ᠃

    ᠶᠡᠬᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠲᠤᠬᠠᠢ ᠯᠠᠪᠯᠠᠬᠤ ᠭᠠᠷᠠᠭ ᠤᠨ ᠢᠨᠲ᠋ᠧᠷᠨᠧᠲ  ᠬᠠᠶ᠊ᠢᠭ᠄

    http᠄ //gaokao.chsi.com.cn

    http᠄ // gaokao.chsi.cn

ᠢᠷᠡᠯᠳᠡ᠄ ᠠᠷᠠᠳ ᠤᠨ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119025147