蒙古文网站Logo
ᠰᠢᠨᠬᠤᠸᠠ ᠮᠤᠩᠭ᠋ᠤᠯ ᠨᠧᠲ

ᠰᠤᠷᠤᠭᠴᠢᠳ ᠤᠨ ᠰᠡᠳᠭᠢᠯ ᠤᠨ ᠲᠠᠷᠤᠮᠲᠠ ᠬᠡᠴᠡᠭᠦᠲᠡᠵᠦ ᠪᠠᠢᠢᠭ᠎ᠠ ᠳ᠋ᠤ ᠠᠩᠬᠠᠷᠤᠯ ᠶᠢᠡᠨ ᠬᠠᠨᠲᠤᠭᠤᠯᠤᠶ᠎᠎ᠠ

2016-07-07 10:19

    7 ᠰᠠᠷ᠎ᠠ᠂ ᠰᠤᠷᠭᠠᠭᠤᠯᠢ ᠪᠠᠨ ᠰᠠᠶ‍ᠢᠬᠠᠨ ᠲᠡᠭᠦᠰᠦᠭᠰᠡᠨ ᠤᠶᠤᠲᠠᠳ ᠰᠢᠨ᠎ᠡ ᠲᠦᠷᠢ ᠲᠦᠷᠬᠦ ᠪᠡᠷ ᠨᠡᠢᠢᠭᠡᠮ ᠳ᠋ᠤ ᠭᠠᠷᠤᠯ᠎ᠠ᠃ ᠭᠡᠬᠦ ᠳ᠋ᠡᠭᠡᠨ ᠶᠡᠬᠡ ᠲᠡᠭᠡᠳᠦ ᠰᠤᠷᠭᠠᠭᠤᠯᠢ ᠶᠢᠨ ᠰᠡᠳᠭᠢᠯ ᠤᠨ ᠲᠠᠷᠤᠮᠲᠠ ᠬᠡᠲᠦᠢᠢᠲᠦᠭᠰᠡᠨ ᠤᠶᠤᠲᠠᠳ ᠢ ᠠᠩᠬᠠᠷᠤᠯ ᠳ᠋ᠠᠭᠠᠨ ᠠᠪᠬᠤ ᠴᠢᠬᠤᠯᠠ ᠲᠠᠢ᠂ ᠲᠡᠲᠡ ᠬᠦᠮᠦᠰ ᠲᠤ ᠤᠢᠢᠯᠠᠭᠠᠭᠲᠠᠰᠢ ᠦᠭᠡᠢ ᠲᠠᠷᠴᠢᠯᠭᠠᠯ᠂ ᠭᠠᠭᠴᠠᠭᠠᠷᠲᠠᠯ᠂ ᠲᠤᠰᠠᠭ᠋᠋ᠠᠷᠯᠠᠯ ᠤᠨ ᠠᠰᠠᠭᠤᠲᠠᠯ ᠳ᠋ᠤ ᠲᠤᠯᠭᠠᠷᠠᠵᠤ ᠪᠤᠢ᠃ ᠲᠡᠭᠦᠰᠬᠦ ᠦᠭᠦᠯᠡᠯ ᠪᠢᠴᠢᠬᠦ᠂ ᠠᠵᠢᠯ ᠡᠷᠢᠬᠦ ᠨᠢ ᠲᠡᠲᠡᠨᠦᠰ ᠲᠤ ᠠᠪᠴᠤ ᠬᠡᠯᠡᠪᠡᠯ ᠬᠡᠴᠢᠨᠡᠨ ᠬᠡᠴᠡᠬᠦᠦ ᠪᠠᠢᠢᠬᠤ ᠶᠢ ᠤᠢᠢᠯᠠᠭᠠᠵᠤ ᠶᠠᠲᠠᠬᠤ ᠬᠦᠮᠦᠨ ᠴᠦᠬᠡᠨ ᠪᠠᠢᠢᠬ᠎ᠠ᠃ ᠰᠡᠭᠦᠯ ᠤᠨ ᠦᠶ᠎ᠠ ᠳ᠋ᠤ ᠰᠤᠷᠪᠤᠯᠵᠢᠯᠠᠭᠴᠢ ᠨᠡᠢᠢᠰᠯᠡᠯ ᠪᠡᠭᠡᠵᠢᠩ ᠤᠨ ᠭᠤᠤᠯᠲᠠᠯᠠᠭᠠᠲᠤ ᠶᠡᠬᠡ ᠲᠡᠭᠡᠳᠦ ᠰᠤᠷᠭᠠᠭᠤᠯᠢ ᠶᠢᠨ 40 ᠤᠷᠴᠢᠮ ᠤᠨ ᠤᠶᠤᠲᠠᠳ ᠰᠡᠳᠭᠢᠯ ᠤᠨ ᠲᠠᠷᠤᠮᠲᠠ  ᠪᠡᠷ ᠤᠨᠤᠰᠢᠯᠠᠭᠲᠠᠭᠰᠠᠨ ᠢ ᠪᠠᠢᠢᠴᠠᠭᠠᠨ ᠰᠤᠷᠪᠤᠯᠵᠢᠯᠠᠪᠠ᠃

    ᠰᠡᠳᠭᠢᠯ ᠡᠮᠵᠡᠭᠯᠡᠭᠦᠯᠦᠮᠡᠷ ᠠᠰᠠᠭᠤᠲᠠᠯ ᠭᠡᠪᠡᠯ ᠡᠪᠡᠳᠴᠢᠲᠠᠨ ᠤ ᠲᠤᠰ ᠪᠠᠶ᠎ᠠ ᠪᠤᠯᠤᠨ ᠨᠡᠢᠢᠭᠡᠮ ᠤᠨ ᠶᠠᠷᠢᠶ᠎ᠠ ᠬᠡᠯᠡᠯᠴᠡᠭᠡ ᠡᠴᠡ ᠪᠤᠯᠵᠤ ᠰᠡᠳᠭᠢᠯ ᠤᠨ ᠲᠠᠷᠤᠮᠲᠠ ᠡᠪᠡᠳᠴᠢᠨ ᠤ ᠲᠤᠬᠠᠢ ᠨᠠᠵᠠᠭᠠᠢ ᠦᠵᠡᠯᠲᠡ ᠲᠠᠢ ᠪᠠᠢᠢᠵᠤ᠂ ᠤᠯᠠᠩᠬᠢ ᠡᠪᠡᠳᠴᠢᠲᠠᠨ ᠡᠪᠡᠳᠴᠢᠨ ᠡᠮᠬᠡᠭ ᠤᠨ ᠶᠢᠡᠨ ᠲᠤᠬᠠᠢ ᠶᠠᠷᠢᠬᠤ ᠲᠤᠷ᠎ᠠ ᠦᠭᠡᠢ᠂ ᠤᠨᠤᠰᠢᠯᠠᠭᠤᠯᠤᠨ ᠵᠠᠰᠠᠭᠤᠯᠬᠤ ᠲᠤᠷ᠎ᠠ ᠦᠭᠡᠢ ᠪᠠᠢᠢᠲᠠᠭ᠃ ᠰᠡᠳᠭᠢᠴᠡ ᠶᠢᠨ ᠠᠷᠬᠠᠭ ᠭᠡᠮ ᠲᠠᠢ ᠠᠲᠠᠯᠢᠬᠠᠨ ᠰᠡᠳᠭᠢᠴᠡ ᠶᠢᠨ ᠠᠰᠠᠭᠤᠲᠠᠯ ᠢ ᠬᠦᠨᠳᠦᠳᠭᠡᠵᠦ ᠦᠵᠡᠬᠦ ᠴᠢᠬᠤᠯᠠᠲᠠᠢ᠂ ᠡᠨᠡ ᠨᠢ ᠮᠦᠨ ᠴᠤ ᠰᠤᠷᠭᠠᠭᠤᠯᠢ ᠶᠢᠨ ᠰᠡᠳᠭᠢᠴᠡ ᠶᠢᠨ ᠰᠤᠷᠭᠠᠨ ᠬᠦᠮᠦᠵᠢᠯ ᠤᠨ ᠵᠠᠪᠠᠯ ᠰᠢᠢᠳᠪᠦᠷᠢᠯᠡᠬᠦ ᠴᠢᠬᠤᠯᠲᠠᠢ ᠠᠰᠠᠭᠤᠲᠠᠯ ᠪᠤᠯᠤᠨ᠎ᠠ᠃

    ᠰᠡᠳᠭᠢᠴᠡ ᠶᠢᠨ ᠵᠦᠪᠯᠡᠭᠴᠢ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠶᠢᠡᠷ᠄《ᠰᠤᠷᠭᠠᠭᠤᠯᠢ ᠶᠢᠨ ᠬᠦᠷᠢᠶᠠᠨ ᠤ ᠰᠤᠷᠤᠭᠴᠢ ᠶᠢᠨ ᠰᠡᠳᠬᠢᠯ ᠤᠨ ᠲᠠᠷᠤᠮᠲᠠ ᠲᠠᠢ ᠪᠤᠯᠬᠤ ᠠᠰᠠᠭᠤᠲᠠᠯ ᠵᠢᠯ ᠶᠠᠪᠤᠬᠤ ᠲᠤᠰᠤᠮ ᠨᠡᠮᠡᠭᠲᠡᠵᠦ ᠪᠤᠢ᠂ ᠨᠡᠩ ᠵᠠᠷᠢᠮ ᠰᠤᠷᠤᠭᠴᠢ᠂ ᠭᠡᠷ ᠤᠨ ᠠᠬᠠᠮᠠᠳ ᠵᠢᠭ᠍ᠰᠢᠬᠦ ᠪᠤᠲᠤᠯ ᠲᠠᠢ᠂ ᠵᠠᠷᠢᠮ ᠰᠤᠷᠤᠭᠴᠢ ᠶᠢᠨ ᠰᠡᠳᠭᠢᠯ ᠤᠨ ᠲᠠᠷᠤᠮᠲᠠ ᠬᠡᠲᠦᠢᠢᠲᠦᠭᠡᠳ ᠡᠮᠴᠢ ᠳ᠋ᠤ ᠦᠵᠡᠬᠦᠯᠬᠦ ᠡᠴᠡ ᠲᠠᠲᠠᠭᠠᠯᠵᠠᠬᠤ ᠪᠤᠯᠪᠠ》᠃ ᠡᠨᠡ ᠨᠢ ᠮᠠᠨ ᠤ ᠤᠯᠤᠰ ᠤᠨ ᠰᠤᠷᠤᠭᠴᠢ ᠪᠠ ᠨᠡᠢᠢᠭᠡᠮ ᠤᠨ ᠰᠡᠳᠭᠢᠴᠡ ᠶᠢᠨ ᠰᠤᠷᠭᠠᠨ ᠬᠦᠮᠦᠵᠢᠯ᠂ ᠲᠦᠭᠡᠮᠡᠯᠵᠢᠬᠦᠯᠦᠯᠲᠡ ᠬᠠᠷᠠᠬᠠᠨ ᠬᠦᠷᠦᠯᠴᠡᠭᠡ ᠮᠠᠭᠤᠲᠠᠢ ᠶᠢ ᠬᠠᠷᠠᠭᠤᠯᠤᠨ᠎ᠠ᠃ ᠲᠡᠭᠡᠷ᠎ᠡ ᠵᠠᠭᠤᠨ ᠤ 90 ᠤᠨ ᠤ ᠦᠶ᠎ᠠ ᠪᠡᠷ ᠬᠠᠮᠢᠶ᠎ᠠ ᠲᠠᠢ ᠪᠠᠢᠢᠴᠠᠭᠠᠯᠲᠠ ᠶᠢᠨ ᠢᠯᠡᠷᠡᠭᠦᠯᠦᠭᠰᠡᠨ ᠶᠢᠡᠷ᠂ ᠮᠠᠨ ᠤ ᠤᠯᠤᠰ ᠤᠨ ᠶᠡᠬᠡ᠂ ᠲᠤᠮᠲᠠᠲᠤ᠂ ᠪᠠᠭ᠎ᠠ ᠰᠤᠷᠭᠠᠭᠤᠯᠢ ᠶᠢᠨ 10ᠭᠠᠷᠤᠢ ᠶᠢᠨ ᠰᠤᠷᠤᠭᠴᠢ ᠬᠦᠨᠳᠦ ᠨᠤᠴᠢᠲᠠᠢ ᠰᠡᠳᠭᠢᠴᠡ ᠶᠢᠨ ᠠᠰᠠᠭᠤᠲᠠᠯ ᠤᠷᠤᠰᠢᠵᠤ᠂ ᠡᠨᠡ ᠨᠢ ᠰᠤᠷᠤᠯᠭ᠎ᠠ ᠶᠢᠨ ᠲᠠᠷᠤᠭᠠᠰᠤ ᠬᠡᠴᠡᠭᠦᠲᠡᠬᠦ᠂ ᠬᠦᠮᠦᠨ ᠤ ᠬᠠᠷᠢᠴᠠᠭ᠎ᠠ᠂ ᠬᠠᠢᠢᠷ᠎ᠠ ᠰᠡᠳᠬᠢᠯᠭᠡ ᠶᠢᠨ ᠠᠰᠠᠭᠤᠲᠠᠯ ᠵᠡᠷᠭᠡ ᠤᠯᠠᠨ ᠲᠠᠯ᠎ᠠ ᠡᠴᠡ ᠰᠢᠯᠲᠠᠭᠠᠯᠠᠭᠲᠠᠵᠤ ᠪᠠᠢᠢᠭᠰᠠᠨ ᠴᠤ ᠰᠡᠳᠭᠢᠴᠡ ᠶᠢᠨ ᠰᠤᠷᠭᠠᠨ ᠬᠦᠮᠦᠵᠢᠯ ᠢ ᠠᠩᠬᠠᠷᠤᠨ ᠬᠦᠨᠳᠦᠳᠭᠡᠵᠦ ᠦᠵᠡᠭᠰᠡᠨ ᠦᠭᠡᠢ ᠲᠠᠢ ᠬᠤᠯᠪᠤᠭ᠎ᠠ ᠲᠠᠢ᠃

    ᠤᠲᠤᠬᠠᠨ ᠤ ᠰᠤᠷᠤᠭᠴᠢ ᠶᠢᠨ ᠰᠡᠳᠬᠢᠴᠡ ᠶᠢᠨ ᠠᠰᠠᠭᠤᠲᠠᠯ ᠳ᠋ᠤ ᠰᠤᠷᠭᠠᠨ ᠬᠦᠮᠦᠵᠢᠯ ᠤᠨ ᠠᠵᠢᠯ ᠢ ᠬᠢᠵᠦ ᠪᠠᠢᠢᠭ᠎ᠠ ᠬᠦᠮᠦᠰ ᠦᠵᠡᠯ ᠰᠠᠨᠠᠭ᠎ᠠ ᠤᠯᠤᠰ ᠲᠦᠷᠦ ᠶᠢᠨ ᠠᠰᠠᠭᠤᠲᠠᠯ ᠭᠡᠵᠦ ᠦᠵᠡᠲᠡᠭ᠃ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠶᠢᠨ ᠠᠰᠠᠭᠤᠲᠠᠯ ᠭᠡᠲᠡᠭ ᠨᠢ ᠦᠭᠡᠲᠡᠷᠬᠡᠭ ᠤᠪᠤᠷ ᠦᠭᠡᠢ᠂ ᠨᠤᠭᠤᠷᠢᠯ ᠪᠦᠲᠦᠷᠢᠯ ᠢ ᠲᠠᠭᠠᠭᠠᠬᠤ ᠦᠭᠡᠢ᠂ ᠨᠦᠬᠦᠳ ᠵᠠᠭᠤᠷ᠎ᠠ ᠪᠠᠨ ᠡᠪ ᠶᠢᠡᠷ ᠠᠨᠠᠢᠢᠬᠠᠨ ᠵᠡᠷᠭᠡ ᠶᠢ ᠬᠡᠯᠡᠵᠦ ᠪᠤᠢ᠃ ᠭᠡᠲᠡᠯ᠎ᠡ ᠰᠡᠳᠭᠢᠴᠡ ᠶᠢᠨ ᠠᠰᠠᠭᠤᠲᠠᠯ ᠪᠤᠯ ᠰᠡᠳᠭᠢᠴᠡ ᠶᠢᠨ ᠬᠦᠷᠢᠶ᠎ᠠ ᠬᠡᠪᠴᠢᠶᠠᠨ ᠳ᠋ᠤ ᠬᠠᠷᠢᠶᠠᠯᠠᠭᠲᠠᠨ᠎ᠠ᠂ ᠦᠵᠡᠯ ᠰᠠᠨᠠᠭ᠎ᠠ ᠪᠤᠶᠤ ᠶᠤᠰᠤ ᠮᠤᠷᠠᠯ ᠶᠢᠡᠷ ᠰᠢᠢᠳᠪᠦᠷᠢᠯᠡᠵᠦ ᠪᠤᠯᠬᠤ ᠦᠭᠡᠢ᠂ ᠢᠩᠬᠢᠬᠦ ᠨᠢ ᠰᠤᠷᠤᠭᠴᠢ ᠶᠢᠨ ᠰᠡᠳᠭᠢᠯ ᠤᠨ ᠲᠠᠷᠤᠮᠲᠠ ᠶᠢ ᠤᠯᠠᠮ ᠬᠦᠨᠳᠦᠷᠡᠭᠦᠯᠲᠡᠭ᠃

    ᠰᠤᠷᠭᠠᠭᠤᠯᠢ᠂ ᠨᠡᠢᠢᠭᠡᠮ ᠨᠡᠢᠢᠲᠡ ᠡᠴᠡ ᠰᠤᠩᠭ᠋ᠤᠨ ᠰᠢᠯᠭᠠᠷᠠᠭᠤᠯᠵᠤ ᠪᠦᠬᠦᠢ 《 ᠰᠢᠯᠢᠲᠡᠭ ᠰᠤᠷᠤᠭᠴᠢ》 ᠪᠦᠬᠦᠨ ᠰᠤᠷᠤᠯᠭ᠎ᠠ ᠳ᠋ᠠᠭᠠᠨ ᠴᠢᠷᠮᠠᠢᠢᠯᠲᠠ ᠲᠠᠢ᠂ ᠮᠤᠷᠠᠯ ᠲᠠᠢ ᠭᠡᠬᠦ ᠵᠡᠷᠭᠡ ᠶᠢᠨ ᠪᠦᠬᠦ ᠶᠠᠭᠤᠮ᠎ᠠ ᠨᠢ ᠰᠠᠢᠢᠬᠠᠨ ᠪᠠᠢᠢᠲᠠᠭ ᠭᠡᠵᠦ ᠦᠵᠡᠲᠡᠭ᠂ ᠦᠨᠡᠨ ᠳᠡᠭᠡᠨ ᠲᠡᠢᠢᠮᠦ ᠪᠢᠰᠢ᠂ ᠬᠦᠮᠦᠨ ᠪᠦᠬᠦᠨ ᠲᠤᠲᠠᠭᠲᠠᠯ ᠲᠠᠢ ᠲᠠᠯ᠎ᠠ ᠪᠠᠢᠢᠲᠠᠭ᠂ 《ᠰᠢᠯᠢᠲᠡᠭ ᠰᠤᠷᠤᠭᠴᠢ》 ᠴᠤ ᠭᠡᠰᠡᠨ ᠢᠯᠠᠭᠲᠠᠯ ᠪᠠᠢᠢᠲᠠᠭ᠃ ᠪᠢᠲᠠ 《ᠰᠢᠯᠢᠲᠡᠭ ᠰᠤᠷᠤᠭᠴᠢ》  ᠳ᠋ᠤ ᠵᠦᠪ ᠬᠦᠮᠦᠵᠢᠯ ᠬᠦᠷᠲᠡᠭᠡᠨ᠂ ᠪᠤᠲᠤᠯ ᠰᠡᠳᠭᠢᠯ ᠢ ᠨᠢ ᠲᠡᠯᠭᠡᠨ ᠶᠠᠷᠢᠭᠤᠯᠬᠤ ᠪᠦᠷᠢᠨ ᠪᠤᠯᠤᠮᠵᠢ ᠤᠯᠭᠤᠬᠤ ᠴᠢᠬᠤᠯᠠ ᠲᠠᠢ᠃ ᠰᠤᠷᠭᠠᠨ ᠬᠦᠮᠦᠵᠢᠯ ᠤᠨ ᠰᠠᠯᠠᠭ᠎ᠠ ᠮᠦᠴᠢᠷ᠂ ᠭᠡᠷ ᠪᠦᠯᠢ᠂ ᠰᠤᠷᠭᠠᠭᠤᠯᠢ ᠲᠡᠭᠡᠳᠦ ᠬᠡᠮᠵᠢᠶ᠎ᠠ ᠪᠡᠷ ᠰᠡᠳᠭᠢᠯ ᠤᠨ ᠲᠠᠷᠤᠮᠲᠠ ᠶᠢᠨ ᠠᠰᠠᠭᠤᠲᠠᠯ ᠢ ᠴᠢᠬᠤᠯᠠᠴᠢᠯᠠᠨ ᠦᠵᠡᠵᠦ ᠰᠡᠳᠭᠢᠴᠡ ᠶᠢᠨ ᠶᠡᠷᠦ ᠶᠢᠨ ᠮᠡᠲᠡᠯᠭᠡ ᠶᠢ ᠲᠦᠭᠡᠮᠡᠯᠵᠢᠬᠦᠯᠬᠦ᠂ ᠵᠦᠪ ᠶᠢᠡᠷ ᠬᠠᠨᠲᠤᠬᠤ ᠵᠡᠷᠭᠡ ᠠᠵᠢᠯ ᠢ ᠦᠷᠨᠢᠬᠦᠯᠦᠨ ᠬᠢᠬᠦ ᠴᠢᠬᠤᠯᠠᠲᠠᠢ᠂ ᠡᠨᠡ ᠨᠢ ᠪᠦᠬᠦ ᠨᠡᠢᠢᠭᠡᠮ ᠤᠨ ᠡᠭᠦᠷᠬᠡ ᠪᠤᠯᠤᠨ᠎ᠠ᠃

ᠢᠷᠡᠯᠳᠡ᠄ ᠪᠡᠭᠡᠵᠢᠩ ᠤᠨ ᠵᠠᠯᠠᠭᠤᠴᠤᠳ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119179246