蒙古文网站Logo
ᠰᠢᠨᠬᠤᠸᠠ ᠮᠤᠩᠭ᠋ᠤᠯ ᠨᠧᠲ

2016 ᠤᠨ ᠤ ᠦᠨᠳᠤᠷ ᠵᠡᠷᠬᠡ ᠶᠢᠨ ᠲᠤᠮᠳᠠᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠳᠤ ᠦᠪᠦᠷ ᠮᠤᠩᠭᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠬᠠᠷᠢᠶᠠᠳᠤ ᠲᠤᠮᠳᠠᠳᠤ ᠰᠤᠷᠭᠠᠭᠤᠯᠢ ᠶᠢᠨ ᠦᠨᠳᠤᠷ ᠠᠮᠵᠢᠯᠳᠠ ᠤᠯᠤᠯ᠎ᠠ

2016-07-08 17:01

    ᠰᠢᠨᠬᠤᠸᠠ ᠮᠤᠩᠭᠤᠯ ᠨᠧᠲ ᠬᠦᠬᠡᠬᠤᠳᠠ ᠶᠢᠨ 7 ᠰᠠᠷ᠎ᠠ ᠶᠢᠨ 7 ᠤ ᠡᠳᠤᠷ ᠤᠨ ᠴᠠᠬᠢᠯᠭᠠᠨ ᠮᠡᠳᠡᠬᠡ (ᠪᠠᠢ ᠯᠢᠩ ᠳ᠋ᠢ) ᠦᠪᠦᠷ ᠮᠤᠩᠭ᠋᠋ᠤᠯ ᠤᠨ 2016 ᠤᠨ ᠤ ᠦᠨᠳᠤᠷ ᠵᠡᠷᠬᠡ ᠶᠢᠨ ᠲᠤᠮᠳᠠᠳᠤ ᠰᠤᠷᠭᠠᠭᠤᠯᠢ ᠶᠢᠨ ᠡᠯᠰᠡᠯᠳᠠ ᠶᠢᠨ ᠰᠢᠯᠭᠠᠯᠳᠠ ᠶᠢᠨ ᠬᠤᠪᠢ ᠶᠢ 7 ᠰᠠᠷ᠎ᠠ ᠶᠢᠨ 3 ᠤ ᠡᠳᠤᠷ ᠠᠯᠪᠠᠨ ᠶᠤᠰᠤᠭᠠᠷ ᠨᠠᠶᠢᠳᠡᠯᠡᠯ᠎ᠡ᠃ ᠦᠪᠦᠷ ᠮᠤᠩᠭᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠬᠠᠷᠢᠶᠠᠳᠤ ᠲᠤᠮᠳᠠᠳᠤ ᠰᠤᠷᠭᠠᠭᠤᠯᠢ ᠶᠢᠨ 2016 ᠤᠨ ᠤ ᠦᠨᠳᠤᠷ ᠵᠡᠷᠬᠡ ᠶᠢᠨ ᠲᠤᠮᠳᠠᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠶᠢᠨ ᠦᠨᠳᠤᠷ ᠠᠮᠵᠢᠯᠳᠠ ᠶᠢ ᠲᠠ ᠪᠦᠬᠦᠨ ᠳᠡᠬᠡᠨ ᠳᠤᠯᠢᠯᠠᠭᠤᠯᠵᠤ ᠪᠠᠶᠢᠨ᠎ᠠ᠃

    ᠤᠶᠢᠯᠠᠭᠠᠭᠰᠠᠨ ᠢᠶᠡᠷ᠂ 2016 ᠤᠨ ᠤ ᠦᠨᠳᠤᠷ ᠵᠡᠷᠬᠡ ᠶᠢᠨ ᠲᠤᠮᠳᠠᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠶᠢᠨ ᠮᠤᠩᠭᠤᠯ ᠢᠶᠡᠷ ᠰᠢᠯᠭᠠᠭᠤᠯᠤᠭᠰᠠᠳ (ᠲᠦᠷᠦ ᠶᠢᠨ ᠪᠤᠳᠤᠯᠭ᠎ᠠ ᠶᠢᠨ ᠨᠡᠮᠡᠯᠳᠡ ᠬᠤᠪᠢ ᠲᠠᠢ) ᠤᠨ ᠲᠤᠳᠤᠷ᠎ᠠ᠂  ᠬᠠᠷᠢᠶᠠᠳᠤ ᠲᠤᠮᠳᠠᠳᠤ ᠰᠤᠷᠭᠠᠭᠤᠯᠢ ᠶᠢᠨ ᠮᠦᠰᠢᠶᠡᠯ 634 ᠬᠤᠪᠢ ᠪᠡᠷ ᠬᠦᠬᠡᠬᠤᠳᠠ ᠶᠢᠨ ᠬᠡᠪᠴᠢᠶᠡᠨ ᠳᠤ ᠮᠠᠩᠯᠠᠶᠢᠯᠠᠪᠠ᠃ 600 ᠬᠤᠪᠢ ᠡᠴᠡ ᠲᠡᠭᠡ᠍ᠭ᠍ᠰᠢ ᠬᠢᠷᠢ ᠪᠦᠳᠦᠮᠵᠢ ᠲᠠᠢ 8 ᠰᠤᠷᠤᠭᠴᠢ ᠶᠢᠨ ᠳᠤᠳᠤᠷ᠎ᠠ 7 ᠨᠢ ᠬᠠᠷᠢᠶᠠᠳᠤ ᠲᠤᠮᠳᠠᠳᠤ ᠰᠤᠷᠭᠠᠭᠤᠯᠢ ᠶᠢᠨ ᠰᠤᠷᠤᠭᠴᠢ᠃ ᠡᠮᠦᠨ᠎ᠡ ᠠᠷᠪᠠᠨ ᠨᠡᠷᠡᠰ ᠲᠤ ᠬᠠᠷᠢᠶᠠᠳᠤ ᠲᠤᠮᠳᠠᠳᠤ ᠰᠤᠷᠭᠠᠭᠤᠯᠢ ᠶᠢᠨ ᠨᠡᠶᠢᠲᠡ 8 ᠰᠤᠷᠤᠭᠴᠢ ᠪᠠᠭᠳᠠᠵᠤ᠂ ᠲᠤᠰ ᠲᠤᠰ 1/2/3/4/5/7/8/9 ᠳ᠋ᠤᠭᠡᠷ ᠲᠤ ᠵᠢᠬᠰᠠᠭᠠᠭᠳᠠᠪᠠ᠃

    ᠲᠤᠰ ᠰᠤᠷᠭᠠᠭᠤᠯᠢ ᠪᠤᠯ ᠥᠪᠦᠷ ᠮᠣᠩᠭᠣᠯ ᠤᠨ ᠪᠠᠭᠰᠢ ᠶᠢᠨ ᠶᠡᠬᠡ ᠰᠣᠷᠭᠠᠭᠤᠯᠢ ᠶᠢᠨ ᠬᠠᠷᠢᠶᠠᠲᠤ᠂ ᠥᠪᠡᠷᠲᠡᠭᠡᠨ ᠵᠠᠰᠠᠬᠤ ᠤᠷᠤᠨ ᠤ ᠰᠣᠷᠭᠠᠨ ᠬᠦᠮᠦᠵᠢᠯ ᠤᠨ ᠲᠢᠩᠬᠢᠮ ᠤᠨ ᠰᠢᠭᠤᠳ ᠤᠳᠤᠷᠢᠳᠤᠯᠭ᠎ᠠ ᠶᠢ ᠬᠦᠯᠢᠶᠡᠭᠰᠡᠨ ᠤᠷᠤᠨ ᠨᠤᠳᠤᠭ ᠤᠨ᠂ ᠦᠨᠳᠤᠰᠤᠲᠡᠨ ᠤ᠂ ᠴᠠᠭ ᠦᠶ᠎ᠡ ᠶᠢᠨ ᠤᠨᠴᠠᠯᠢᠭ ᠲᠠᠢ᠂ ᠦᠪᠦᠷ ᠮᠤᠩᠭᠤᠯ ᠤᠨ ᠠᠨᠭᠬᠠᠨ ᠤ ᠪᠦᠯᠦᠭ ᠳᠡᠯᠡᠬᠡᠢ ᠳᠤ ᠬᠠᠨᠳᠤᠭᠰᠠᠨ ᠭᠣᠣᠯᠳᠠᠯᠭ᠎ᠠ ᠲᠠᠢ ᠳᠤᠮᠳᠠᠳᠤ ᠰᠣᠷᠭᠠᠭᠤᠯᠢ ᠶᠢᠨ ᠨᠢᠬᠡᠨ ᠶᠤᠮ᠃ ᠬᠠᠷᠢᠶᠠᠳᠤ ᠲᠤᠮᠳᠠᠳᠤ ᠰᠤᠷᠭᠠᠭᠤᠯᠢ 1994 ᠣᠨ ᠡᠴᠡ 2015 ᠣᠨ ᠪᠣᠯᠲᠠᠯ᠎ᠠ ᠠᠩᠬ᠎ᠠ ᠲᠤᠮᠳᠠᠳᠤ ᠶᠢᠨ 22 ᠠᠩᠬᠢ ᠳᠡᠬᠦᠰᠬᠡᠵᠤ᠂ ᠨᠡᠶᠢᠳᠡ 1000 ᠭᠠᠷᠤᠢ ᠰᠢᠯᠢᠳᠡᠭ ᠰᠣᠷᠤᠭᠴᠢ ᠬᠦᠮᠦᠵᠢᠭᠦᠯᠵᠡᠢ᠃ ᠡᠭᠦᠨ ᠤ ᠳᠤᠲᠤᠷ᠎ᠠ 70% ᠣᠷᠴᠢᠮ ᠨᠢ ᠠᠮᠵᠢᠯᠲᠠ ᠲᠠᠢ ᠪᠡᠷ ᠳᠤᠰ ᠰᠣᠷᠭᠠᠭᠤᠯᠢ ᠶᠢᠨ ᠢᠶᠡᠨ ᠦᠨᠳᠦᠷ ᠳᠤᠮᠳᠠᠳᠤ ᠳᠤ ᠳᠡᠪᠰᠢᠵᠤ ᠰᠣᠷᠤᠯᠴᠠᠭᠰᠠᠨ ᠪᠠᠶᠢᠨ᠎ᠠ᠃

    ᠠᠩᠬ᠎ᠠ ᠳᠤᠮᠳᠠᠳᠤ ᠶᠢᠨ ᠣᠨ ᠪᠦᠷᠢ ᠳᠤ ᠭᠠᠭᠴᠠ ᠠᠩᠬᠢ ᠲᠠᠢ ᠪᠠᠶᠢᠭᠰᠠᠨ ᠡᠴᠡ 2015 ᠣᠨ ᠳᠤ ᠨᠢᠭᠡ ᠠᠩᠬᠢ ᠨᠡᠮᠡᠵᠤ᠂ ᠰᠣᠷᠤᠭᠴᠢ ᠶᠢᠨ ᠲᠣᠭ᠎ᠠ ᠶᠢ ᠬᠠᠷᠢᠴᠠᠩᠭᠤᠢ ᠳᠠᠪᠠᠭᠤ ᠪᠠᠶᠢᠷᠢ ᠲᠠᠢ ᠪᠣᠯᠭᠠᠪᠠ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119189246