蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ 2016 ᠤᠨ ᠤ ᠤᠶᠤᠲᠠᠳ ᠤᠨ ᠬᠦᠩᠬᠡᠨ ᠠᠲ᠋ᠯᠸᠲ᠋ᠢᠺ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠬᠢᠯᠡᠪᠡ

2016-07-10 16:12

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 7 ᠰᠠᠷ᠎ᠠ ᠶᠢᠨ 10 ᠤ ᠡᠲᠦᠷ ᠤᠨ ᠴᠠᠬᠢᠯᠭᠠᠨ ᠮᠡᠲᠡᠭᠡ ( ᠬ·ᠦᠵᠡᠰᠭᠦᠯᠡᠩ) ᠦᠪᠦᠷ ᠮᠤᠩᠭ᠋ᠤᠯ ᠤᠨ ᠶᠡᠬᠡ ᠲᠡᠭᠡᠳᠦ ᠰᠤᠷᠭᠠᠭᠤᠯᠢ ᠶᠢᠨ ᠤᠶᠤᠲᠠᠳ ᠤᠨᠬᠦᠩᠬᠡᠨ ᠠᠲ᠋ᠯᠸᠲ᠋ᠢᠺ ᠤᠨ ᠲᠦᠪᠰᠢᠨ ᠢ ᠲᠡᠭᠡᠭ᠍ᠰᠢᠯᠡᠬᠦᠯᠵᠦ᠂ 2017 ᠤᠨ ᠤ ᠪᠦᠬᠦ ᠤᠯᠤᠰ ᠤᠨ ᠠᠷᠪᠠᠨ ᠭᠤᠷᠪᠠᠲᠤᠭᠠᠷ ᠬᠤᠭᠤᠴᠠᠭᠠᠨ ᠤ ᠪᠠᠶ᠎ᠠ ᠶᠢᠨ ᠲᠠᠮᠢᠷ ᠤᠨ ᠨᠠᠭᠠᠲᠤᠮ ᠳ᠋ᠤ ᠤᠷᠤᠯᠴᠠᠬᠤ ᠦᠪᠦᠷ ᠮᠤᠩᠭ᠋ᠤᠯ ᠤᠨ ᠬᠦᠩᠬᠡᠨ ᠠᠲ᠋ᠯᠸᠲ᠋ᠢᠺ ᠤᠨ ᠲᠠᠮᠢᠷᠴᠢᠨ ᠢ ᠰᠤᠩᠭ᠋ᠤᠨ ᠰᠢᠯᠭᠠᠷᠠᠭᠤᠯᠬᠤ ᠵᠤᠷᠢᠯᠭ᠎ᠠ ᠪᠡᠷ ᠦᠪᠦᠷ ᠮᠤᠩᠭ᠋ᠤᠯ ᠤᠨ 2016 ᠤᠨ ᠤ ᠤᠶᠤᠲᠠᠳ ᠤᠨ ᠬᠦᠩᠬᠡᠨ ᠠᠲ᠋ᠯᠸᠲ᠋ᠢᠺ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠦᠪᠦᠷ ᠮᠤᠩᠭ᠋ᠤᠯ ᠤᠨ ᠡᠳ᠋ ᠤᠨ ᠵᠠᠰᠠᠬ ᠠᠵᠤ ᠠᠬᠤᠢ ᠶᠢᠨ ᠶᠡᠬᠡ ᠰᠤᠷᠭᠠᠭᠤᠯᠢ ᠳ᠋ᠤ ᠵᠤᠬᠢᠶᠠᠨ ᠪᠠᠢᠢᠭᠤᠯᠵᠤ ᠪᠠᠢᠢᠨ᠎ᠠ᠃

    ᠲᠤᠰ ᠤᠲᠠᠭᠠᠨ ᠤ ᠬᠦᠩᠬᠡᠨ ᠠᠲ᠋ᠯᠸᠲ᠋ᠢᠺ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠳ᠋ᠤ ᠦᠪᠦᠷ ᠮᠤᠩᠭ᠋ᠤᠯ ᠤᠨ 26 ᠶᠡᠬᠡ ᠲᠡᠭᠡᠳᠦ ᠰᠤᠷᠭᠠᠭᠤᠯᠢ ᠶᠢᠨ 615 ᠤᠶᠤᠲᠠᠳ  ᠨᠡᠷ᠎ᠡ ᠪᠦᠷᠢᠳᠭᠡᠬᠦᠯᠵᠦ ᠤᠷᠤᠯᠴᠠᠵᠠᠢ᠃ ᠡᠩ ᠤᠨ ᠶᠡᠬᠡ ᠲᠡᠭᠡᠳᠦ ᠰᠤᠷᠭᠠᠭᠤᠯᠢ ᠨᠤᠭᠤᠳ ᠶᠢᠡᠷ ᠪᠦᠷᠢᠯᠲᠦᠭᠰᠡᠨ ᠬᠦᠬᠡ ᠪᠠᠭ ᠪᠠ  ᠠᠵᠢᠯ ᠮᠡᠷᠭᠡᠵᠢᠯ ᠲᠤᠰᠬᠠᠢ ᠮᠡᠷᠭᠡᠵᠢᠯ ᠤᠨ ᠶᠡᠬᠡ ᠲᠡᠭᠡᠳᠦ ᠰᠤᠷᠭᠠᠭᠤᠯᠢ ᠶᠢᠨ ᠬᠦᠭᠡᠭ᠍ᠴᠢᠨ ᠪᠠᠭ ᠭᠡᠵᠦ ᠬᠤᠶᠠᠷ ᠶᠡᠬᠡ ᠪᠠᠭ ᠪᠤᠯᠭᠠᠨ ᠬᠤᠪᠢᠶᠠᠪᠠ᠃ ᠡᠭᠦᠨ ᠳ᠋ᠤ ᠬᠦᠬᠡ ᠪᠠᠭ ᠢ ᠰᠤᠷᠭᠠᠭᠤᠯᠢ ᠶᠢᠨ ᠬᠦᠷᠢᠶᠠᠨ ᠤ ᠲᠤᠭᠤᠢᠢᠯᠠᠩ ᠪᠠ ᠲᠤᠰᠬᠠᠢ ᠮᠡᠷᠭᠡᠵᠢᠯ ᠤᠨ ᠲᠠᠮᠢᠷᠴᠢᠳ ᠤᠨ ᠲᠤᠭᠤᠢᠢᠯᠠᠩ ᠭᠡᠵᠦ ᠬᠤᠶᠠᠷ ᠬᠤᠪᠢᠶᠠᠵᠠᠢ᠃

    ᠦᠪᠦᠷ ᠮᠤᠩᠭ᠋ᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠬᠡ ᠰᠤᠷᠭᠠᠭᠤᠯᠢ ᠶᠢᠨ ᠲᠡᠳ᠋ ᠵᠠᠬᠢᠷᠤᠯ ᠰᠢᠦᠢ ᠹᠦ᠋ ᠴᠢᠤᠸᠠᠨ ᠰᠤᠷᠪᠤᠯᠵᠢᠯᠠᠭ᠎ᠠ ᠬᠦᠯᠢᠶᠡᠨ ᠶᠠᠷᠢᠬᠤ ᠳ᠋ᠠᠭᠠᠨ᠄《ᠰᠤᠷᠭᠠᠭᠤᠯᠢ ᠪᠠᠢᠢᠭᠤᠯᠤᠭᠲᠠᠭᠰᠠᠨ ᠡᠴᠡ ᠨᠠᠰᠢ ᠠᠩᠬ᠎ᠠ ᠤᠲᠠᠭ᠎ᠠ ᠪᠠᠨ ᠲᠤᠮᠤ ᠬᠡᠪᠴᠢᠶᠠᠨ ᠤ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠵᠤᠬᠢᠶᠠᠨ ᠪᠠᠢᠢᠭᠤᠯᠵᠤ ᠪᠠᠢᠢᠭ᠎ᠠ ᠶᠤᠮ᠃ ᠰᠤᠷᠭᠠᠭᠤᠯᠢ ᠶᠢᠨ ᠲᠠᠯ᠎ᠠ ᠡᠴᠡ ᠮᠠᠰᠢ ᠬᠦᠨᠳᠦᠳᠭᠡᠨ ᠦᠵᠡᠵᠦ᠂ ᠲᠡᠮᠡᠴᠡᠭᠡᠨ ᠤ ᠲᠠᠯᠠᠪᠤᠷ᠂ ᠲᠠᠮᠢᠷᠴᠢᠳ ᠤᠨ ᠬᠤᠭᠤᠯᠠ ᠤᠮᠲᠠ᠂ ᠬᠤᠨᠤᠭ ᠪᠠᠭᠤᠴᠠ  ᠶᠢ ᠲᠤᠬᠢᠷᠠᠭᠤᠯᠬᠤ ᠵᠡᠷᠭᠡ ᠮᠠᠰᠢ ᠤᠯᠠᠨ ᠠᠵᠢᠯ ᠢ ᠡᠷᠲᠡ ᠪᠠᠢᠢᠷᠢᠯᠠᠭᠤᠯᠤᠭᠰᠠᠨ ᠶᠢᠡᠷ ᠠᠮᠵᠢᠯᠲᠠ ᠲᠦᠭᠦᠷᠡᠩ ᠰᠠᠢᠢᠬᠠᠨ ᠨᠠᠭᠠᠲᠤᠮ ᠪᠤᠯᠬᠤ ᠪᠠᠢᠢᠬ᠎ᠠ ᠭᠡᠵᠦ ᠦᠵᠡᠵᠦ ᠪᠤᠢ᠃ ᠮᠦᠨ ᠬᠦ ᠲᠤᠰ ᠤᠲᠠᠭᠠᠨ ᠤ ᠲᠡᠮᠡᠴᠡᠬᠡᠨ ᠮᠠᠨ ᠤ ᠰᠤᠷᠭᠠᠭᠤᠯᠢ ᠳ᠋ᠤ ᠵᠤᠬᠢᠶᠠᠨ ᠪᠠᠢᠢᠭᠤᠯᠤᠭᠲᠠᠬᠤ ᠲᠠᠰᠢᠷᠠᠮ ᠶᠢᠡᠷ ᠰᠤᠷᠭᠠᠭᠤᠯᠢ ᠶᠢᠨ ᠡᠯ᠎ᠡ ᠲᠠᠯ᠎ᠠ ᠶᠢᠨ ᠠᠵᠢᠯ᠂ ᠤᠨᠴᠠᠭᠠᠢᠢᠯᠠᠨ ᠵᠢᠭᠠᠨ ᠰᠤᠷᠭᠠᠯᠲᠠ ᠶᠢᠨ ᠠᠵᠢᠯ ᠢ ᠠᠬᠢᠭᠤᠯᠵᠤ᠂ ᠤᠶᠤᠲᠠᠳ ᠤᠨ ᠪᠠᠶ᠎ᠠ ᠮᠠᠬᠠᠪᠤᠳ ᠤᠨ ᠡᠷᠡᠬᠦᠯ ᠴᠢᠬᠢᠷᠠᠭ᠂ ᠲᠠᠪᠲᠠᠨ ᠪᠤᠯᠪᠠᠰᠤᠷᠠᠭᠤᠯᠤᠯᠲᠠ ᠵᠡᠷᠭᠡ ᠶᠢ ᠴᠢᠩᠭ᠋ᠠᠳᠬᠠᠬᠤ ᠪᠡᠷ ᠦᠯᠦ ᠪᠠᠷᠠᠮ ᠴᠢᠨᠠᠭᠰᠢᠯᠠᠪᠠᠯ ᠮᠠᠨ ᠤ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠬᠦ᠍ᠭ᠍ᠵᠢᠯᠲᠠ ᠶᠢ ᠯᠤᠲᠤ ᠶᠡᠬᠡ ᠪᠡᠷ ᠠᠬᠢᠭᠤᠯᠬᠤ ᠪᠤᠯᠤᠨ᠎ᠠ》ᠭᠡᠵᠡᠢ᠃

    2016 ᠤᠨ ᠤ ᠤᠶᠤᠲᠠᠳ ᠤᠨ ᠬᠦᠩᠬᠡᠨ ᠠᠲ᠋ᠯᠸᠲ᠋ᠢᠺ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ 7 ᠰᠠᠷ᠎ᠠ ᠶᠢᠨ 10 ᠤ ᠡᠲᠦᠷ ᠡᠴᠡ 12 ᠤᠨ ᠡᠲᠦᠷ ᠪᠤᠯᠲᠠᠯ᠎ᠠ ᠦᠪᠦᠷ ᠮᠤᠩᠭ᠋ᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠬᠡ ᠰᠤᠷᠭᠠᠭᠤᠯᠢ ᠶᠢᠨ ᠰᠢᠨ᠎᠎ᠡ ᠰᠤᠷᠭᠠᠭᠤᠯᠢ ᠶᠢᠨ ᠲᠤᠭᠤᠷᠢᠭ ᠤᠨ ᠪᠠᠶ᠎ᠠ ᠶᠢᠨ ᠲᠠᠮᠢᠷ ᠤᠨ ᠲᠠᠯᠠᠪᠤᠷ ᠲᠤ ᠶᠠᠪᠤᠭᠲᠠᠨ᠎ᠠ᠃ ᠲᠤᠰ ᠲᠡᠮᠡᠴᠡᠭᠡᠨ ᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠶᠡᠬᠡ ᠰᠤᠷᠭᠠᠭᠤᠯᠢ ᠶᠢᠨ ᠤᠶᠤᠲᠠᠳ ᠤᠨ ᠪᠠᠶ᠎ᠠ ᠶᠢᠨ ᠲᠠᠮᠢᠷ ᠤᠨ ᠨᠡᠢᠢᠭᠡᠮᠯᠢᠭ᠌ ᠡᠴᠡ ᠰᠠᠨᠠᠭᠠᠴᠢᠯᠠᠵᠤ᠂ ᠦᠪᠦᠷ ᠮᠤᠩᠭ᠋ᠤᠯ ᠤᠨ ᠡᠳ᠋ ᠤᠨ ᠵᠠᠰᠠᠬ ᠠᠵᠤ ᠠᠬᠤᠢ ᠶᠢᠨ ᠶᠡᠬᠡ ᠰᠤᠷᠭᠠᠭᠤᠯᠢ ᠡᠴᠡ ᠵᠤᠬᠢᠶᠠᠨ ᠪᠠᠢᠢᠭᠤᠯᠵᠠᠢ᠃

 

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119194386