蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ 《ᠬᠤᠤᠰ ᠤᠬᠢ》ᠶᠠᠬᠡ ᠰᠤᠷᠭᠠᠭᠤᠯᠢ ᠶᠢᠨ ᠨᠡᠷᠡᠰ ᠨᠡᠶᠢᠲᠡᠯᠡᠭᠰᠡᠨ ᠴᠤᠤᠷᠬᠠᠯ ᠢ ᠦᠭᠡᠶᠢᠰᠭᠡᠪᠡ

2016-07-29 18:00

    ᠰᠡᠭᠦᠯᠴᠢ ᠶᠢᠨ ᠦᠶ᠎ᠡ ᠳᠤ᠂ ᠨᠸᠲ ᠶᠢᠡᠷ《ᠰᠤᠷᠭᠠᠨ ᠬᠦᠮᠦᠵᠢᠯ ᠤᠨ ᠶᠠᠮᠤᠨ ᠡᠴᠡ ᠠᠩᠬ᠎ᠠ ᠵᠦᠪᠰᠢᠶᠡᠷᠡᠭᠰᠡᠨ〈ᠬᠤᠤᠰ ᠤᠬᠢ〉 ᠶ᠋ᠢᠨ ᠶᠠᠬᠡ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠢᠢ ᠲᠤᠭᠲᠠᠭᠠᠬᠰᠠᠨ ᠨᠡᠷᠡᠰ 》ᠰᠠᠴᠤᠬᠳᠠᠵᠦ᠂ ᠪᠡᠭᠡᠵᠢᠩ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ ᠵᠡᠷᠭᠡ 8 ᠶᠡᠬᠡ ᠰᠤᠷᠭᠠᠭᠤᠯᠢ ᠶᠢ ᠠᠩᠬᠠᠳᠠᠭᠴᠢ ᠤᠬᠢ ᠰᠠᠶᠢᠨ ᠰᠤᠷᠭᠠᠭᠤᠯᠢ ᠪᠡᠷ ᠲᠤᠭᠲᠠᠭᠠᠵᠡᠢ ᠭᠡᠰᠡᠨ ᠪᠠᠶᠢᠨ᠎ᠠ᠃

    ᠰᠤᠷᠭᠠᠨ ᠬᠦᠮᠦᠵᠢᠯ ᠤᠨ ᠶᠠᠮᠤᠨ ᠤ ᠬᠡᠪᠯᠡᠯ ᠮᠡᠳᠡᠭᠡᠯᠡᠯ ᠤᠨ ᠦᠭᠦᠯᠡᠭᠴᠢ ᠦᠴᠦᠭᠡᠳᠦᠷ ᠪᠡᠭᠡᠵᠢᠩ ᠤᠨ ᠵᠠᠯᠠᠭᠤᠴᠤᠳ ᠰᠤᠨᠢᠨ ᠤ ᠰᠤᠷᠪᠤᠯᠵᠢᠯᠠᠭᠴᠢ ᠳᠤ ᠬᠠᠨᠳᠤᠵᠦ᠂《ᠰᠤᠷᠭᠠᠨ ᠬᠦᠮᠦᠵᠢᠯ ᠤᠨ ᠶᠠᠮᠤᠨ ᠬᠤᠤᠰ ᠤᠬᠢ ᠶᠢᠨ ᠨᠠᠷᠠᠰ ᠢ ᠨᠡᠶᠢᠲᠡᠯᠡᠵᠤ ᠦᠩᠭᠡᠷᠡᠭᠰᠡᠨ ᠦᠭᠡᠢ᠂ ᠤᠯᠠᠨ ᠢᠶᠡᠷ ᠶᠢᠡᠨ ᠴᠤᠤᠷᠬᠠᠯ ᠢ ᠠᠮᠠᠷᠬᠠᠨ ᠢᠲᠡᠭᠡᠵᠤ ᠪᠤᠯᠬᠤ ᠦᠭᠡᠢ᠂ ᠰᠤᠷᠭᠠᠨ ᠬᠦᠮᠦᠵᠢᠯ ᠤᠨ ᠶᠠᠮᠦᠨ ᠶᠠᠭ ᠤᠳᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤ ᠱᠠᠯᠠᠪᠳᠠᠨ ᠰᠤᠳᠤᠯᠵᠤ ᠳᠡᠯᠡᠬᠡᠢ ᠶᠢᠨ ᠤᠬᠢ ᠰᠠᠶᠢᠨ ᠶᠠᠬᠡ ᠰᠤᠷᠭᠠᠭᠤᠯᠢ ᠪᠤᠯᠤᠨ ᠰᠢᠨᠵᠢᠯᠡᠬᠦ ᠤᠬᠠᠭᠠᠨ ᠤ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠡᠠᠷᠭ᠎ᠡ ᠶᠢ ᠨᠢᠭᠡᠳᠦᠯᠲᠡᠢ ᠲᠤᠭᠲᠠᠭᠠᠵᠤ᠂ ᠡᠷᠲᠡ ᠨᠢᠭᠡᠨ ᠡᠳᠦᠷ ᠤᠯᠠᠨ ᠳᠠᠶᠠᠭᠠᠷ ᠲᠤ ᠮᠡᠳᠡᠭᠳᠡᠬᠦ ᠪᠡᠷ ᠴᠢᠷᠮᠠᠶᠢᠵᠤ ᠪᠤᠢ》ᠭᠡᠰᠡᠨ ᠪᠠᠶᠢᠨ᠎ᠠ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠪᠡᠭᠡᠵᠢᠩ ᠤᠨ ᠵᠠᠯᠠᠭᠤᠴᠤᠳ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119306355