蒙古文网站Logo
ᠰᠢᠨᠬᠤᠸᠠ ᠮᠤᠩᠭ᠋ᠤᠯ ᠨᠧᠲ

ᠵᠤᠨ ᠤ ᠠᠮᠠᠷᠠᠯᠲᠠ ᠶᠢᠨ ᠪᠤᠯᠪᠠᠰᠤᠷᠠᠯ ᠤᠨ ᠠᠩᠭᠢ ᠶᠡᠭᠡ ᠳᠡᠭᠡᠲᠤ ᠰᠤᠷᠭᠠᠭᠤᠯᠢ ᠶᠢ 《ᠡᠵᠡᠯᠡᠪᠡ》

2016-08-01 12:35

    ᠵᠤᠨ ᠤ ᠠᠮᠠᠷᠠᠯᠲᠠ ᠪᠤᠯᠤᠭᠰᠠᠭᠠᠷ᠂ ᠤᠯᠠᠨ ᠪᠤᠯᠪᠠᠰᠤᠷᠠᠯ ᠤᠨ ᠪᠠᠶᠢᠭᠤᠯᠭ᠎ᠠ᠂ ᠠᠵᠤ ᠠᠬᠤᠶᠢᠯᠠᠯ ᠨᠢ ᠰᠤᠷᠭᠠᠭᠤᠯᠢ ᠶᠢᠨ ᠠᠮᠠᠷᠠᠯᠲᠠ ᠶᠢᠨ ᠬᠤᠭᠤᠴᠠᠭᠠᠨ ᠤ 《ᠬᠤᠭᠤᠰᠤᠨ ᠬᠤᠭᠤᠴᠠᠭ᠎ᠠ》 ᠶᠢ ᠠᠨᠳᠠᠵᠤ᠂ ᠰᠤᠷᠭᠠᠭᠤᠯᠢ ᠶᠢᠨ ᠬᠢᠴᠢᠶᠡᠯ  ᠤᠨ ᠭᠡᠷ᠂ ᠪᠠᠶᠢᠷᠢ  ᠶᠢᠨ ᠭᠡᠷ ᠢ ᠲᠦᠷᠢᠶᠡᠰᠦᠯᠡᠵᠤ ᠪᠤᠯᠪᠠᠰᠤᠷᠠᠯ ᠤᠨ ᠠᠩᠭᠢ᠂ ᠰᠢᠨ᠎ᠠ ᠠᠵᠢᠯᠲᠠᠳ ᠤᠨ ᠠᠵᠢᠯ ᠳᠦ ᠤᠷᠤᠬᠤ ᠪᠤᠯᠪᠠᠰᠤᠷᠠᠯ ᠤᠨ ᠬᠢᠴᠢᠶᠡᠯ ᠵᠡᠷᠭᠡ ᠠᠵᠢᠯᠯᠭ᠎ᠠ ᠬᠢᠳᠡᠭ᠃ ᠰᠡᠭᠦᠯᠴᠢ ᠶᠢᠨ ᠦᠶ᠎ᠡ ᠳᠤ ᠵᠠᠷᠢᠮ ᠰᠤᠷᠭᠠᠭᠤᠯᠢ ᠶᠢᠨ ᠰᠤᠷᠤᠭᠴᠢ ᠪᠡᠭᠡᠵᠢᠩ ᠤᠨ ᠵᠠᠯᠠᠭᠤᠴᠤᠳ ᠰᠤᠨᠢᠨ ᠤ ᠰᠤᠷᠪᠤᠯᠵᠢᠯᠠᠭᠴᠢ ᠳᠦ ᠲᠤᠰᠬᠠᠭᠰᠠᠨ ᠶᠢᠡᠷ᠂ ᠰᠤᠷᠭᠠᠭᠤᠯᠢ ᠶᠢ ᠪᠤᠯᠪᠠᠰᠤᠷᠠᠯ ᠤᠨ ᠠᠩᠭᠢ ᠶᠢᠨ ᠰᠤᠷᠤᠭᠴᠢᠳ《ᠡᠵᠡᠯᠡᠭᠰᠡᠨ》 ᠡᠴᠡ ᠰᠤᠷᠭᠠᠭᠤᠯᠢ ᠶᠢᠨ ᠡᠮᠬᠢ ᠲᠢᠭ᠍ᠯᠢᠮ ᠡᠪᠳᠡᠭᠳᠡᠵᠤ᠂ ᠰᠤᠷᠭᠠᠭᠤᠯᠢ ᠡᠴᠡ ᠠᠮᠠᠷᠠᠯᠲᠠ ᠶᠢᠨ ᠬᠤᠭᠤᠴᠠᠭᠠᠨ ᠳᠤ ᠬᠢᠴᠢᠶᠡᠯ ᠤᠨ ᠭᠡᠷ᠂ ᠪᠠᠶᠢᠷᠢ ᠶᠢ ᠲᠦᠷᠢᠶᠡᠰᠦᠯᠡᠵᠤ ᠦᠭ᠍ᠬᠦ ᠠᠵᠢᠯᠯᠠᠭ᠎ᠠ ᠶᠢ ᠤᠶᠢᠯᠠᠭᠠᠬᠤ ᠦᠭᠡᠢ ᠪᠠᠶᠢᠬᠤ ᠪᠡᠨ ᠢᠯᠡᠷᠬᠡᠢᠯᠡᠪᠡ᠃ ᠪᠡᠭᠡᠵᠢᠩ ᠤᠨ ᠵᠠᠯᠠᠭᠤᠴᠤᠳ ᠰᠤᠨᠢᠨ ᠤ ᠰᠤᠷᠪᠤᠯᠵᠢᠯᠠᠭᠴᠢ ᠵᠢᠨ ᠪᠠᠶᠢᠴᠠᠭᠠᠨ ᠤᠶᠢᠯᠠᠭᠠᠭᠰᠨ ᠶᠢᠡᠷ᠂ ᠴᠦᠭᠡᠨ ᠪᠤᠰᠤ ᠰᠤᠷᠭᠠᠭᠤᠯᠢ ᠵᠢᠨ ᠠᠮᠠᠷᠠᠯᠲᠠ ᠶᠢᠨ ᠬᠤᠭᠤᠴᠠᠭᠠᠨ ᠳᠦ ᠬᠢᠴᠢᠶᠡᠯ ᠤᠨ ᠭᠡᠷ᠂ ᠪᠠᠶᠢᠷᠢ ᠶᠢᠨ ᠭᠡᠷ ᠢ ᠭᠠᠳᠠᠭᠰᠢ ᠲᠦᠷᠢᠶᠡᠰᠦᠯᠡᠬᠦ ᠮᠠᠢᠢᠮᠠᠢ ᠬᠠᠯᠠᠭᠤᠮᠰᠢᠯ ᠪᠤᠯᠵᠤ᠂ ᠠᠳᠠᠯᠢ ᠪᠤᠰᠤ ᠰᠤᠷᠭᠠᠭᠤᠯᠢ ᠶᠢᠨ ᠦᠨ᠎ᠡ ᠬᠠᠩᠰᠢ ᠶᠢᠨ ᠵᠦᠷᠢᠶ᠎ᠡ ᠨᠢ ᠴᠤ ᠠᠳᠠᠯᠢ ᠪᠤᠰᠤ ᠪᠠᠶᠢᠯ᠎ᠠ᠃

    ᠦᠴᠦᠭᠡᠳᠦᠷ᠂ ᠪᠡᠭᠡᠵᠢᠩ ᠤᠨ ᠵᠠᠯᠠᠭᠤᠴᠤᠳ ᠰᠤᠨᠢᠨ ᠤ ᠰᠤᠷᠪᠤᠯᠵᠢᠯᠠᠭᠴᠢ ᠤᠮᠠᠷᠠᠲᠤ ᠶᠢᠨ ᠴᠠᠬᠢᠯᠭᠠᠨ ᠡᠷᠴᠢᠮ ᠬᠦᠴᠦᠨ ᠤ ᠶᠡᠬᠡ ᠰᠤᠷᠭᠠᠭᠤᠯᠢ ᠳᠤ ᠬᠦᠷᠦᠭᠰᠡᠨ ᠳᠦ ᠪᠠᠶᠢᠷᠢ ᠶᠢᠨ ᠭᠠᠳᠠᠨ᠎ᠠ《ᠰᠢᠨ᠎ᠡ ᠳ᠋ᠦᠩ ᠹᠠᠩ ᠤᠨ ᠰᠤᠷᠤᠭᠴᠢᠳ ᠤᠨ ᠨᠡᠷ᠎ᠡ ᠮᠡᠳᠡᠭᠦᠯᠬᠦ ᠭᠠᠵᠠᠷ》ᠭᠡᠰᠡᠨ ᠦᠰᠦᠭ ᠲᠠᠢ ᠡᠯᠭᠦᠭᠡᠰᠤ ᠪᠠᠢᠢᠪᠠ᠃ ᠰᠤᠷᠪᠤᠯᠵᠢᠯᠠᠭᠴᠢ ᠤᠯᠵᠤ ᠮᠡᠳᠡᠭᠰᠡᠨ ᠶᠢᠡᠷ᠂ 10 ᠴᠠᠭ ᠤᠨ ᠦᠶ᠎ᠡ ᠪᠡᠷ ᠰᠤᠷᠭᠠᠭᠤᠯᠢ ᠶᠢᠨ ᠭᠤᠤᠯ ᠵᠠᠮ  ᠡᠯᠦᠢ ᠬᠤᠯᠤᠢ ᠪᠠᠶᠢᠪᠠ᠂ 11 ᠴᠠᠭ ᠪᠤᠯᠬᠤ ᠳᠦ ᠰᠤᠷᠭᠠᠭᠤᠯᠢ ᠶᠢᠨ ᠬᠤᠭᠤᠯᠠᠨ ᠲᠢᠩᠬᠢᠮ᠂ ᠬᠤᠳᠠᠯᠳᠤᠭ᠎ᠠ ᠵᠢᠴᠢ ᠦᠢᠷ᠎ᠡ ᠬᠠᠪᠢ ᠶᠢᠨ ᠵᠡᠭᠡᠯᠢ ᠭᠤᠳᠤᠮᠵᠢ ᠳᠦ ᠨᠢᠭᠡ ᠯᠡ ᠳᠤᠤᠷ᠎ᠠ ᠰᠤᠷᠤᠭᠴᠢᠳ ᠳᠦᠭᠦᠷᠡᠪᠠ᠃ ᠡᠭᠦᠨ ᠳᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠯᠠᠨ ᠪᠠᠶᠢᠯ᠎ᠠ᠃

    《ᠵᠠᠷᠢᠮ ᠰᠤᠷᠤᠭᠴᠢ ᠰᠤᠷᠭᠠᠭᠤᠯᠢ  ᠶᠢᠨ ᠨᠡᠶᠢᠲᠡ ᠶᠢᠨ ᠳᠤᠭᠤᠢ ᠲᠡᠷᠭᠡ ᠶᠢᠨ ᠤᠨᠢᠰᠤ ᠶᠢ ᠦᠪᠡᠷ ᠤᠨ ᠤᠨᠢᠰᠤ ᠪᠡᠷ ᠵᠢᠡᠨ ᠰᠤᠯᠢᠵᠦ ᠬᠤᠪᠢᠨ ᠳᠦ ᠪᠡᠨ ᠡᠳ᠋ᠯᠡᠵᠤ ᠪᠤᠢ᠂ ᠡᠩ ᠤᠨ ᠦᠶᠡᠰ ᠬᠤᠭᠤᠯᠠᠨ ᠲᠢᠩᠬᠢᠮ ᠳᠦ ᠬᠤᠭᠤᠯᠠ ᠢᠳᠡᠬᠦ ᠦᠶᠡᠰ ᠪᠢᠳᠡ ᠤᠬᠠᠮᠰᠠᠷ ᠡᠴᠡ ᠪᠡᠨ ᠵᠢᠬᠰᠠᠳᠠᠭ᠂ ᠭᠡᠪᠡᠴᠤ ᠤᠳᠤ ᠪᠢᠴᠢᠬᠠᠨ ᠳᠡᠭᠦᠨᠡᠷ ᠡᠨᠡ ᠲᠢᠭ᠍ᠯᠢᠮ ᠢ ᠡᠪᠳᠡᠵᠡᠢ᠂ ᠵᠠᠷᠢᠮ ᠰᠤᠷᠤᠭᠴᠢ ᠡᠭᠦᠳᠡᠨ ᠤ ᠺᠠᠷᠲ ᠶᠢᠡᠨ ᠠᠪᠤᠭᠰᠠᠨ ᠦᠭᠡᠢ ᠪᠤᠯ ᠪᠠᠶᠢᠷᠢ ᠶᠢᠨ ᠡᠭᠦᠳᠡ ᠴᠤᠩᠬᠤ ᠶᠢ ᠲᠤᠭᠰᠢᠵᠤ᠂ ᠪᠠᠰᠠ ᠵᠠᠷᠢᠮ ᠨᠢ ᠪᠠᠶᠢᠷᠢ ᠶᠢᠨ ᠭᠤᠳᠤᠮᠵᠢ ᠳᠦ ᠶᠡᠭᠡ ᠳᠠᠭᠤᠨ ᠶᠢᠡᠷ ᠶᠠᠷᠢᠵᠤ ᠪᠠᠷᠬᠢᠷᠠᠨ ᠮᠠᠨ ᠤ ᠠᠮᠠᠷᠠᠬᠤ ᠶᠢ ᠶᠡᠬᠡ ᠨᠦᠯᠦᠬᠡᠯᠡᠵᠦ ᠪᠤᠢ 》 ᠭᠡᠵᠤ ᠠᠰᠫᠢᠷᠠᠨᠲ ᠰᠢᠯᠭᠠᠬᠤ ᠪᠡᠷ ᠪᠡᠯᠡᠳᠭᠡᠵᠤ ᠪᠠᠶᠢᠭ᠎ᠠ ᠨᠢᠭᠡ ᠰᠤᠷᠤᠭᠴᠢ ᠰᠤᠷᠪᠤᠯᠵᠢᠯᠠᠭᠴᠢ ᠳᠦ ᠶᠠᠷᠢᠪᠠ᠃

    ᠠᠮᠠᠷᠯᠲᠠ ᠶᠢᠨ ᠬᠤᠭᠤᠴᠠᠭᠠᠨ ᠳᠤ ᠬᠢᠴᠢᠶᠡᠯ ᠤᠨ ᠭᠡᠷ᠂ ᠪᠠᠶᠢᠷᠢ ᠶᠢᠨ ᠭᠡᠷ ᠢ ᠭᠠᠳᠠᠭᠰᠢ ᠲᠦᠷᠢᠶᠡᠰᠦᠯᠡᠬᠦ ᠶᠠᠪᠤᠳᠠᠯ ᠳᠦ 21 ᠳ᠋ᠤᠭᠠᠷ ᠵᠠᠭᠤᠨ ᠤ ᠰᠤᠷᠭᠠᠨ ᠬᠦᠮᠦᠵᠢᠯ ᠤᠨ ᠰᠤᠳᠤᠯᠤᠯ ᠤᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠰᠢᠶᠦ᠋ᠩ ᠪᠢᠩ ᠴᠢ ᠢᠯᠠᠷᠬᠡᠶᠢᠯᠡᠭᠰᠡᠨ ᠶᠢᠡᠷ᠂ ᠰᠤᠷᠭᠠᠭᠤᠯᠢ ᠡᠴᠡ ᠪᠠᠭᠰᠢ ᠰᠤᠷᠤᠭᠴᠢ ᠶᠢᠨ ᠵᠦᠪᠰᠢᠶᠡᠷᠡᠯ ᠢ ᠤᠯᠤᠭᠰᠠᠨ ᠤᠷᠢᠳᠡᠯ ᠳᠤᠤᠷ᠎ᠠ ᠳᠠᠬᠢᠨ ᠠᠮᠠᠷᠠᠯᠲᠠ ᠶᠢᠨ ᠬᠤᠭᠤᠴᠠᠭᠠ ᠳᠤ ᠪᠠᠶᠢᠷᠢ᠂ ᠬᠢᠴᠢᠶᠠᠯ ᠤᠨ ᠭᠡᠷ ᠂ ᠲᠠᠮᠢᠷ ᠤᠨ ᠤᠷᠳᠤᠨ ᠵᠡᠷᠭᠡ ᠶᠢ ᠭᠠᠳᠠᠭᠰᠢ ᠲᠦᠷᠢᠶᠡᠰᠦᠯᠡᠵᠤ ᠰᠦᠢᠳᠭᠡᠯ ᠬᠤᠷᠢᠶᠠᠬᠤ ᠨᠢ ᠰᠤᠷᠭᠠᠭᠤᠯᠢ ᠶᠢᠨ ᠡᠬᠢ ᠪᠠᠶᠠᠯᠢᠭ ᠢ ᠠᠰᠢᠭᠯᠠᠬᠤ ᠰᠠᠶᠢᠨ ᠠᠪᠳᠠᠯ ᠪᠤᠯᠤᠨ᠎ᠠ᠎᠃ ᠭᠡᠪᠡᠴᠤ ᠰᠤᠷᠭᠠᠭᠤᠯᠢ ᠡᠴᠡ ᠭᠠᠳᠠᠭᠰᠢ ᠲᠦᠷᠢᠶᠡᠰᠦᠯᠡᠬᠦ ᠠᠵᠢᠯᠯᠠᠭ᠎ᠠ ᠪᠡᠨ ᠢᠯᠡ ᠪᠠᠶᠢᠯᠭᠠᠵᠤ᠂ ᠢᠯᠠ ᠪᠡᠷ ᠰᠦᠢᠳᠭᠡᠯ ᠬᠤᠷᠢᠶᠠᠪᠠᠯ ᠵᠤᠬᠢᠨ᠎ᠠ᠂ ᠲᠦᠷᠢᠶᠡᠰᠦᠯᠡᠭᠰᠡᠨ ᠮᠦᠩᠭᠦ ᠶᠢᠡᠨ ᠰᠤᠷᠤᠭᠴᠢ ᠳᠦ ᠵᠠᠷᠤᠴᠠᠭᠤᠯᠬᠤ ᠶᠤᠰᠤᠳᠠᠢ ᠭᠡᠰᠡᠨ ᠪᠠᠶᠢᠨ᠎ᠠ᠃ (ᠤᠷᠴᠢᠭᠤᠯᠤᠭᠰᠠᠨ ᠨᠢ ᠳᠠᠳᠤᠯᠭ᠎ᠠ ᠶᠢᠨ ᠰᠤᠷᠤᠭᠴᠢ ᠬᠡᠤᠬᠡᠨᠰᠤᠯᠢ)

ᠢᠷᠡᠯᠳᠡ᠄ ᠪᠡᠬᠡᠵᠢᠩ ᠤᠨ ᠵᠠᠯᠠᠭᠤᠴᠤᠳ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119315437