蒙古文网站Logo
ᠰᠢᠨᠬᠤᠸᠠ ᠮᠤᠩᠭ᠋ᠤᠯ ᠨᠧᠲ

ᠲᠠᠪᠤᠨ ᠵᠢᠯ ᠤᠨ ᠲᠦᠷᠢᠮᠲᠤ ᠠᠵᠢᠯ ᠮᠠᠷᠭᠡᠵᠢᠯ ᠤᠨ ᠳᠡᠭᠡᠲᠤ ᠰᠤᠷᠭᠠᠭᠤᠯᠢ ᠳᠤ ᠰᠢᠭᠠᠭᠤᠯᠤᠬᠰᠠᠳ 4 ᠵᠦᠢᠯ ᠤᠨ ᠠᠷᠭ᠎ᠠ ᠪᠠᠷᠢᠯ ᠢᠶᠡᠷ ᠰᠢᠯᠭᠠᠭᠤᠯᠤᠬᠰᠠᠨ ᠪᠠᠢᠢᠳᠠᠯ ᠢᠶᠡᠨ ᠮᠡᠳᠡᠵᠦ ᠪᠤᠯᠤᠨ᠎ᠠ

2016-08-04 17:33

    ᠰᠡᠭᠦᠯᠴᠢ ᠶᠢᠨ ᠦᠶ᠎ᠡ ᠳᠦ ᠲᠠᠪᠤᠨ ᠵᠢᠯ ᠤᠨ ᠲᠦᠷᠢᠮᠲᠤ ᠠᠵᠢᠯ ᠮᠠᠷᠭᠡᠵᠢᠯ ᠤᠨ ᠳᠡᠭᠡᠲᠤ ᠰᠤᠷᠭᠠᠭᠤᠯᠢ ᠨᠸᠲ ᠢᠶᠡᠷ ᠡᠷᠡᠮᠡᠯᠵᠡᠯ ᠮᠡᠳᠡᠭᠦᠯᠵᠤ ᠡᠬᠢᠯᠡᠪᠡ᠃ 8 ᠰᠠᠷ᠎ᠠ ᠶᠢᠨ 2 ᠤ᠋ᠨ ᠡᠳᠦᠷ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠡᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠡᠴᠡ ᠦᠢᠯᠠᠭᠠᠭᠰᠠᠨ ᠢᠶᠡᠷ᠂ ᠰᠢᠯᠭᠠᠭᠤᠯᠤᠬᠰᠠᠳ ᠤᠨ ᠪᠠᠶᠢᠳᠠᠯ ᠳᠦ ᠳᠠᠩᠰᠠ ᠡᠪᠬᠡᠮᠡᠯ ᠭᠠᠷᠭᠠᠬᠰᠠᠨ᠂ ᠰᠤᠷᠭᠠᠭᠤᠯᠢ ᠶᠢᠨ ᠬᠢᠨᠠᠯᠲᠠ ᠂ ᠪᠡᠯᠡᠳᠭᠡᠯ ᠡᠯᠰᠡᠯᠲᠡ᠂ ᠵᠢᠩᠬᠢᠨᠢ ᠡᠯᠰᠡᠯᠲᠠ ᠵᠡᠷᠭᠡ 4 ᠱᠠᠲᠤ ᠬᠤᠪᠢᠶᠠᠵᠤ ᠪᠠᠶᠢᠳᠠᠭ᠃

    1.ᠳᠠᠩᠰᠠ ᠡᠪᠭᠡᠮᠡᠯ ᠭᠠᠷᠭᠠᠬᠰᠠᠨ ᠄ ᠮᠤᠵᠢ ᠶᠢᠨ ᠰᠤᠷᠤᠭᠴᠢ ᠡᠯᠰᠡᠬᠦ ᠠᠯᠪᠠᠨ ᠭᠡᠷ ᠳᠡᠭᠡᠲᠤ ᠰᠤᠷᠭᠠᠭᠤᠯᠢ ᠶᠢᠨ ᠳᠠᠩᠰᠠ ᠡᠪᠬᠡᠮᠡᠯ ᠤᠨ ᠲᠤᠬᠢᠷᠠᠭᠤᠯᠤᠯᠲᠠ ᠶᠢᠨ ᠬᠠᠷᠢᠴᠠᠯ ᠪᠤᠯᠤᠨ ᠰᠢᠯᠭᠠᠭᠰᠠᠳ ᠤᠨ ᠡᠷᠡᠮᠡᠯᠵᠡᠯ ᠲᠠᠭᠯᠠᠭᠰᠠᠨ ᠪᠠᠶᠢᠳᠠᠯ ᠢ ᠦᠨᠳᠦᠰᠦᠯᠡᠵᠤ᠂ ᠳᠡᠭᠡᠲᠤ ᠰᠤᠷᠭᠠᠭᠤᠯᠢ ᠶᠢᠨ ᠳᠠᠩᠰᠡ ᠡᠪᠬᠡᠮᠡᠯ ᠤᠨ ᠲᠤᠬᠢᠷᠠᠭᠤᠯᠤᠯᠲᠠ ᠶᠢᠨ ᠨᠦᠬᠦᠴᠡᠯ ᠳᠦ ᠨᠡᠶᠢᠴᠡᠬᠦ ᠰᠤᠷᠤᠭᠴᠢᠳ ᠤᠨ ᠴᠠᠬᠢᠮ ᠳᠠᠩᠰᠠ ᠡᠪᠬᠡᠮᠡᠯ  ᠢ ᠨᠸᠲ ᠡᠴᠡ ᠡᠯ᠎᠎ᠡ ᠶᠡᠬᠡ ᠰᠤᠷᠭᠠᠭᠤᠯᠢ ᠳᠦ ᠬᠦᠷᠭᠡᠨ᠎ᠡ᠃

    2.ᠰᠤᠷᠭᠠᠭᠤᠯᠢ ᠶᠢᠨ ᠬᠢᠨᠠᠯᠲᠠ᠄ ᠰᠤᠷᠤᠭᠴᠢ ᠡᠯᠰᠡᠬᠦ ᠶᠡᠬᠡ ᠳᠡᠭᠡᠲᠤ ᠰᠤᠷᠭᠠᠭᠤᠯᠢ ᠲᠤᠭᠲᠠᠭᠰᠠᠨ ᠬᠤᠭᠤᠴᠠᠭᠠᠨ ᠳᠦ ᠨᠸᠲ ᠡᠴᠡ ᠰᠢᠯᠭᠠᠭᠰᠠᠳ ᠤᠨ ᠴᠠᠬᠢᠮ ᠳᠠᠩᠰᠠ ᠡᠪᠬᠡᠮᠡᠯ ᠢ ᠪᠠᠭᠤᠯᠭᠠᠨ ᠠᠪᠴᠤ ᠬᠢᠨᠡᠨ ᠤᠩᠰᠢᠨ᠎ᠠ᠃ ᠬᠢᠨᠠᠨ ᠤᠩᠰᠢᠬᠤ ᠠᠭᠤᠯᠭ᠎ᠠ ᠳᠤ ᠰᠢᠯᠭᠠᠭᠰᠠᠳ ᠤᠨ ᠬᠢᠷᠢ ᠪᠦᠲᠦᠮᠵᠢ᠂ ᠲᠤᠰᠬᠠᠢ ᠮᠡᠷᠭᠡᠵᠢᠯ ᠤᠨ ᠡᠷᠡᠮᠠᠯᠵᠠᠯ᠂ ᠲᠤᠬᠢᠷᠠᠭᠤᠯᠤᠯᠲᠠ ᠶᠢ ᠳᠠᠭᠠᠬᠤ ᠡᠰᠡᠬᠦ᠂ ᠪᠡᠶ᠎ᠡ ᠶᠢᠨ ᠪᠠᠶᠢᠴᠠᠭᠠᠯᠲᠠ ᠶᠢᠨ ᠬᠦᠰᠦᠨᠦᠭ᠂ ᠢᠲᠡᠭᠡᠮᠵᠢ ᠶᠢᠨ ᠲᠡᠮᠳᠡᠭᠯᠡᠯ ᠵᠢᠴᠢ ᠪᠤᠰᠤᠳ ᠠᠭᠤᠯᠭ᠎ᠠ ᠪᠠᠭᠲᠠᠳᠠᠭ᠃

    3.ᠪᠡᠯᠡᠳᠭᠡᠯ ᠡᠯᠰᠡᠯᠲᠡ᠄ ᠰᠤᠷᠤᠭᠴᠢ ᠡᠯᠰᠡᠬᠦ ᠶᠡᠬᠡ ᠳᠡᠭᠡᠲᠤ ᠰᠤᠷᠭᠠᠭᠤᠯᠢ ᠨᠢ ᠬᠠᠮᠢᠭ᠎ᠠ ᠪᠦᠬᠦᠢ ᠳᠦᠷᠢᠮ ᠲᠤᠭᠲᠠᠭᠠᠯ ᠵᠢᠴᠢ ᠰᠤᠷᠤᠭᠴᠢ ᠡᠯᠰᠡᠬᠦ ᠳᠦᠷᠢᠮ ᠢ ᠦᠨᠳᠦᠰᠦᠯᠡᠵᠤ᠂ ᠡᠯᠰᠡᠯᠲᠡ ᠶᠢᠨ ᠪᠠᠷᠢᠮᠵᠢᠶ᠎ᠠ ᠳᠦ ᠬᠦᠷᠦᠭᠰᠡᠨ ᠰᠤᠷᠤᠭᠴᠢᠳ ᠲᠤ ᠪᠡᠯᠡᠳᠭᠡᠯ ᠡᠯᠰᠡᠯᠲᠡ ᠬᠢᠵᠤ᠂ ᠪᠡᠯᠡᠳᠭᠡᠯ ᠡᠯᠰᠡᠯᠲᠡ ᠪᠤᠯᠤᠨ ᠳᠠᠩᠰᠠ ᠡᠪᠬᠡᠮᠡᠯ ᠢ ᠪᠤᠴᠠᠭᠠᠬᠤ ᠦᠷ᠎ᠡ ᠳ᠋ᠦᠩ ᠢ ᠮᠤᠵᠢ ᠶᠢᠨ ᠰᠤᠷᠤᠭᠴᠢ ᠡᠯᠰᠡᠬᠦ ᠠᠯᠪᠠᠨ ᠭᠡᠷ  ᠲᠤ ᠳᠡᠪᠰᠢᠭᠦᠯᠦᠨ᠎ᠡ᠃

    4.ᠵᠢᠩᠬᠢᠨᠢ ᠡᠯᠰᠡᠯᠲᠡ᠄ ᠮᠤᠵᠢ ᠶᠢᠨ ᠳᠡᠰ ᠤᠨ ᠰᠤᠷᠤᠭᠴᠢ ᠡᠯᠰᠡᠬᠦ ᠠᠯᠪᠠᠨ ᠭᠡᠷ ᠡᠴᠡ ᠡᠯ᠎ᠠ ᠶᠡᠬᠡ ᠳᠡᠭᠡᠲᠤ ᠰᠤᠷᠭᠠᠭᠤᠯᠢ ᠶᠢᠨ ᠳᠡᠪᠰᠢᠭᠦᠯᠦᠭᠰᠡᠨ ᠰᠤᠷᠤᠭᠴᠢᠳ ᠤᠨ ᠪᠠᠶᠢᠳᠠᠯ ᠳᠦ ᠬᠢᠨᠡᠯᠲᠡ ᠶᠠᠪᠤᠭᠤᠯᠵᠤ᠂ ᠰᠠᠨᠠᠯ ᠦᠭᠡᠢ ᠪᠤᠯ᠂ ᠪᠡᠯᠡᠳᠭᠡᠯ ᠡᠯᠰᠡᠯᠲᠡ ᠨᠢ ᠵᠢᠩᠬᠢᠨᠢ ᠡᠯᠰᠡᠯᠲᠡ ᠪᠤᠯᠤᠨ᠎ᠠ᠃( ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠤᠮᠠᠷᠠᠲᠤ ᠶᠢᠨ ᠰᠢᠨ᠎ᠡ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119338455