蒙古文网站Logo
ᠰᠢᠨᠬᠤᠸᠠ ᠮᠤᠩᠭ᠋ᠤᠯ ᠨᠧᠲ

ᠪᠡᠭᠡᠵᠢᠩ ᠤᠨ ᠶᠡᠬᠡ ᠳᠡᠭᠡᠲᠤ ᠲᠤᠰᠬᠠᠢ ᠮᠡᠷᠭᠡᠵᠢᠯ  ᠤᠨ ᠰᠤᠷᠭᠠᠭᠤᠯᠢ ᠡᠷᠡᠮᠡᠯᠵᠡᠯ ᠢ ᠤᠷᠢᠳᠴᠢᠯᠠᠨ ᠵᠦᠪᠰᠢᠶᠡᠷᠡᠵᠤ ᠰᠤᠷᠤᠭᠴᠢ ᠨᠡᠮᠡᠵᠤ ᠡᠯᠰᠡᠨ᠎ᠡ

2016-08-05 12:06

    8 ᠰᠠᠷ᠎ᠠ ᠶᠢ 5 ᠤ ᠡᠳᠦᠷ ᠪᠡᠭᠡᠵᠢᠩ ᠤᠨ ᠡᠯ᠎ᠡ ᠶᠡᠬᠡ ᠳᠡᠭᠡᠲᠤ ᠲᠤᠰᠬᠠᠢ ᠮᠡᠷᠭᠡᠵᠢᠯ  ᠤᠨ ᠰᠤᠷᠭᠠᠭᠤᠯᠢ ᠡᠷᠡᠮᠠᠯᠵᠠᠯ ᠢ ᠤᠷᠢᠳᠴᠢᠯᠡᠨ ᠵᠦᠪᠰᠢᠶᠡᠷᠡᠵᠤ ᠳᠡᠬᠢᠨ ᠰᠤᠷᠤᠭᠴᠢ ᠡᠯᠰᠡᠬᠦ ᠠᠵᠢᠯᠯᠠᠭ᠎ᠠ ᠡᠬᠢᠯᠡᠪᠡ᠃ ᠲᠤᠰ ᠤᠳᠠᠭ᠎ᠠ 17 ᠰᠤᠷᠭᠠᠭᠤᠯᠢ ᠰᠤᠷᠤᠭᠴᠢ ᠡᠯᠰᠡᠬᠦ ᠪᠦᠭᠡᠳ ᠨᠠᠶᠢᠲᠠ 694 ᠰᠤᠷᠤᠭᠴᠢ ᠡᠯᠰᠡᠬᠦ ᠪᠡᠷ ᠪᠠᠶᠢᠨ᠎ᠠ᠃

    ᠡᠭᠦᠨ ᠳᠦ 16 ᠲᠤᠰᠬᠠᠢ ᠮᠡᠷᠭᠡᠵᠢᠯ ᠤᠨ ᠰᠤᠷᠭᠠᠭᠤᠯᠢ 648 ᠨᠡᠷᠡᠰ ᠤᠷᠠᠯᠢᠭ ᠢᠶᠡᠷ ᠰᠢᠯᠭᠠᠭᠤᠯᠤᠭᠰᠠᠳ ᠢ ᠨᠡᠮᠡᠵᠤ ᠡᠯᠰᠡᠨ᠎ᠠ᠃ ᠬᠤᠶᠠᠷ ᠲᠤᠰᠬᠠᠢ ᠮᠡᠷᠭᠡᠵᠢᠯ ᠤᠨ ᠰᠤᠷᠭᠠᠭᠤᠯᠢ ᠤᠷᠠᠯᠢᠭ ᠤᠨ ᠪᠤᠰᠤ46 ᠰᠢᠯᠭᠠᠭᠤᠯᠤᠭᠰᠠᠳ ᠡᠯᠰᠡᠨ᠎ᠠ᠃ ᠨᠡᠶᠢᠭᠡᠮ ᠤᠨ ᠤᠬᠠᠭᠠᠨ ᠤ ᠰᠠᠯᠪᠤᠷᠢ ᠳᠦ 20 ᠰᠤᠷᠤᠭᠴᠢ ᠡᠯᠰᠡᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠯᠪᠤᠷᠢ ᠳᠦ 26 ᠰᠤᠷᠤᠭᠴᠢ ᠡᠯᠰᠡᠨ᠎ᠡ᠃ ᠲᠤᠰᠬᠠᠢ ᠮᠡᠷᠭᠡᠵᠢᠯ ᠤᠨ ᠰᠤᠷᠭᠠᠭᠤᠯᠢ ᠡᠷᠡᠮᠡᠯᠵᠡᠯ ᠢ ᠤᠷᠢᠳᠴᠯᠡᠨ ᠵᠦᠪᠰᠢᠶᠡᠷᠡᠵᠤ᠂ ᠰᠤᠷᠤᠭᠴᠢ ᠨᠡᠮᠡᠵᠤ ᠡᠯᠰᠡᠬᠦ ᠠᠵᠢᠯᠯᠠᠭ᠎ᠠ ᠨᠢ 8 ᠰᠠᠷ᠎ᠠ ᠶᠢᠨ 5 ᠡᠴᠡ 20 ᠤ ᠡᠳᠦᠷ ᠪᠤᠯᠲᠠᠯ᠎ᠠ ᠶᠠᠪᠤᠭᠳᠠᠨ᠎ᠠ᠃ ᠲᠤᠰᠬᠠᠢ ᠮᠡᠷᠭᠡᠵᠢᠯ  ᠤᠨ ᠰᠤᠷᠭᠠᠭᠤᠯᠢ ᠡᠷᠡᠮᠡᠯᠵᠡᠯ ᠢ ᠤᠷᠢᠳᠴᠢᠯᠠᠨ ᠵᠦᠪᠰᠢᠶᠡᠷᠡᠬᠦ ᠰᠤᠷᠭᠠᠭᠤᠯᠢ ᠶᠢᠨ ᠰᠤᠷᠤᠭᠴᠢ ᠡᠯᠰᠡᠬᠦ ᠨᠦᠬᠦᠴᠡᠯ ᠳᠦ ᠨᠠᠶᠢᠴᠡᠭᠰᠡᠨ ᠰᠤᠷᠤᠭᠴᠢᠳ ᠲᠡᠬᠢᠨ ᠨᠸᠲ ᠢᠶᠡᠷ ᠡᠷᠡᠮᠡᠯᠵᠡᠯ ᠲᠡᠪᠰᠢᠬᠦᠯᠵᠤ ᠪᠤᠯᠤᠨ᠎ᠠ᠃

    ᠲᠤᠰ ᠤᠳᠠᠭᠠᠨ ᠤ ᠳᠠᠬᠢᠨ ᠡᠯᠰᠡᠯᠲᠡ ᠨᠢ ᠬᠤᠶᠠᠷ ᠡᠷᠡᠮᠡᠯᠵᠡᠯ ᠲᠡᠪᠰᠢᠭᠦᠯᠬᠦ ᠲᠡᠰ ᠳᠠᠷᠠᠭ᠎ᠠ ᠢᠶᠡᠷ ᠶᠠᠪᠤᠭᠳᠠᠵᠤ᠂ ᠨᠢᠬᠡ ᠡᠷᠡᠮᠡᠯᠵᠡᠯ ᠤᠨ ᠬᠦᠰᠦᠨᠦᠭᠲᠤ ᠳᠦ ᠨᠢᠭᠡ ᠰᠤᠷᠭᠠᠭᠤᠯᠢ ᠶᠢ ᠰᠤᠩᠭ᠋ᠤᠨ ᠲᠠᠭᠯᠠᠵᠤ᠂ ᠲᠠᠭᠯᠠᠭᠰᠠᠨ ᠰᠤᠷᠭᠠᠭᠤᠯᠢ ᠡᠴᠡ 6 ᠲᠤᠰᠬᠠᠢ ᠮᠡᠷᠭᠡᠵᠢᠯ ᠢ ᠰᠤᠩᠭ᠋ᠤᠨ ᠲᠠᠭᠯᠠᠵᠤ ᠪᠤᠯᠤᠨ᠎ᠠ᠃ ᠡᠷᠡᠮᠡᠯᠵᠡᠯ ᠤᠨ ᠳᠡᠬᠢᠨ ᠡᠯᠰᠡᠯᠲᠡ  ᠳᠤ《ᠡᠷᠡᠮᠡᠯᠵᠡᠯ ᠲᠡᠷᠢᠭᠦᠨ ᠳᠤ᠂ ᠬᠤᠪᠢ ᠶᠢ ᠲᠡᠭᠡᠷ᠎ᠡ  ᠡᠴᠡ ᠳᠤᠷᠤᠭᠰᠢ》 ᠵᠡᠷᠴᠢᠮ ᠢ ᠦᠨᠳᠦᠰᠦᠯᠡᠵᠤ ᠰᠤᠷᠤᠭᠴᠢ ᠡᠯᠰᠡᠨ᠎ᠡ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠪᠡᠬᠡᠵᠢᠩ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119342966