蒙古文网站Logo
ᠰᠢᠨᠬᠤᠸᠠ ᠮᠤᠩᠭ᠋ᠤᠯ ᠨᠧᠲ

ᠵᠧᠵᠢᠶᠠᠩ ᠤᠨ ᠳᠤᠮᠳᠠ ᠪᠠᠭ᠎ᠠ ᠰᠤᠷᠭᠠᠭᠤᠯᠢ ᠶᠢᠨ ᠪᠠᠭᠰᠢ ᠶᠢ 5 ᠮᠡᠷᠭᠡᠵᠢᠯ ᠤᠨ ᠴᠤᠯᠠ ᠳᠦ ᠬᠤᠪᠢᠶᠠᠷᠢᠯᠠᠵᠤ ᠪᠤᠢ

2016-08-22 11:54

    ᠰᠢᠨᠬᠤᠧᠠ ᠬᠤᠷᠢᠶ᠎ᠠ  ᠬᠠᠩᠵᠧᠤ ᠶᠢᠨ 8 ᠰᠠᠷ᠎ᠠ ᠶᠢᠨ 20 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠶᠤᠧᠠᠢ ᠳ᠋ᠧ ᠯᠢᠶᠠᠩ) ᠵᠧᠵᠢᠶᠠᠩ ᠮᠤᠵᠢ ᠶᠢᠨ ᠬᠦᠮᠦᠨ ᠤ ᠬᠦᠴᠦᠨ ᠤ ᠨᠥᠭᠡᠴᠡ ᠪᠤᠯᠤᠨ ᠨᠠᠶᠢᠭᠡᠮ ᠤᠨ ᠪᠠᠲᠤᠯᠠᠭ᠎ᠠ ᠶᠢᠨ ᠲᠢᠩᠬᠢᠮ᠂ ᠮᠤᠵᠢ ᠶᠢᠨ ᠰᠤᠷᠭᠠᠨ ᠬᠦᠮᠦᠵᠢᠯ ᠤᠨ ᠲᠢᠩᠬᠢᠮ ᠬᠠᠮᠲᠤᠷᠠᠨ《ᠵᠧᠵᠢᠶᠠᠩ ᠮᠤᠵᠢ ᠶᠢᠨ ᠳᠤᠮᠳᠠ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠤᠯᠠ ᠶᠢᠨ ᠦᠨᠡᠯᠡᠯᠲᠡ ᠶᠢᠨ ᠵᠢᠯᠤᠭᠤᠳᠬᠤ ᠪᠠᠷᠢᠮᠵᠢᠶ᠎ᠠ(ᠲᠤᠷᠰᠢᠨ ᠬᠡᠷᠭᠵᠢᠭᠦᠯᠬᠦ)》 ᠶ᠋ᠢ ᠨᠠᠶᠢᠲᠡᠯᠡᠬᠦ ᠶᠢᠨ ᠳᠠᠭᠤ ᠳᠤᠮᠳᠠ ᠪᠠᠭ᠎ᠠ ᠰᠤᠷᠭᠠᠭᠤᠯᠢ ᠶᠢᠨ ᠪᠠᠭᠰᠢ ᠴᠤ ᠳᠡᠭᠡᠲᠦ ᠮᠡᠷᠭᠡᠵᠢᠯ ᠤᠨ ᠴᠤᠯᠠ ᠳᠦ ᠦᠨᠡᠯᠡᠭᠦᠯᠵᠤ ᠪᠤᠯᠤᠨ᠎ᠠ ᠭᠡᠵᠡᠢ᠃

    ᠤᠶᠢᠯᠠᠭᠠᠭᠰᠠᠨ ᠢᠶᠡᠷ ᠳᠤᠮᠳᠠ ᠪᠠᠭ᠎ᠠ ᠰᠤᠷᠭᠠᠭᠤᠯᠢ ᠶᠢᠨ ᠪᠠᠭᠰᠠᠢ ᠶᠢᠨ ᠮᠡᠷᠭᠡᠵᠢᠯ ᠤᠨ ᠴᠤᠯᠠ ᠶᠢ ᠳᠡᠭᠡᠲᠤ ᠮᠡᠷᠭᠡᠵᠢᠯ ᠤᠨ ᠴᠤᠯᠠ᠂ ᠳᠡ᠋ᠳ᠋ ᠳᠡᠭᠡᠲᠤ ᠮᠡᠷᠭᠡᠵᠢᠯ ᠤᠨ ᠴᠤᠯᠠ᠂ ᠳᠤᠮᠳᠠ ᠵᠡᠷᠭᠡ ᠶᠢᠨ ᠮᠡᠷᠭᠡᠵᠢᠯ ᠤᠨ ᠴᠤᠯᠠ᠂ ᠲᠤᠰᠠᠯᠠᠬᠤ ᠵᠡᠷᠭᠡ ᠶᠢᠨ ᠴᠤᠯᠠ᠂ ᠭᠡᠰᠢᠭᠦᠨ ᠵᠡᠷᠭᠡ ᠶᠢᠨ ᠴᠤᠯᠠ ᠭᠡᠬᠦ 5 ᠵᠡᠷᠭᠡᠯᠡᠯ ᠳᠦ ᠬᠤᠪᠢᠶᠠᠵᠤ ᠪᠤᠢ᠃

    ᠡᠨᠡᠬᠦ ᠵᠢᠯᠤᠭᠤᠳᠬᠤ ᠪᠠᠷᠢᠮᠵᠢᠶᠠᠨ ᠳᠤ ᠲᠤᠭᠲᠠᠭᠠᠭᠰᠠᠨ ᠢᠶᠡᠷ᠂ ᠳᠡᠭᠡᠲᠤ ᠮᠡᠷᠭᠡᠵᠢᠯ ᠤᠨ ᠴᠤᠯᠠ ᠶᠢᠨ ᠪᠠᠭᠰᠢ ᠶᠢᠨ ᠪᠠᠷᠢᠮᠵᠢᠶ᠎ᠠ ᠳᠦ ᠲᠤᠬᠠᠶᠢᠯᠠᠭᠰᠠᠨ ᠠᠵᠢᠯ ᠳᠦ ᠪᠡᠨ ᠮᠡᠷᠭᠡᠰᠢᠭᠰᠡᠨ᠂ ᠭᠠᠷᠮᠠᠭᠠᠢ ᠠᠮᠵᠢᠯᠲᠠ ᠲᠠᠢ᠂ ᠦᠯᠢᠭᠡᠷ ᠳᠠᠭᠤᠷᠢᠶᠠᠯ ᠤᠨ ᠦᠢᠯᠡᠳᠦᠯ ᠳᠤᠪᠤᠶᠢᠮ᠎ᠠ᠂ 10 ᠵᠢᠯ ᠡᠴᠡ ᠳᠡᠭᠡᠭ᠍ᠰᠢᠬᠢ ᠵᠢᠭᠠᠨ ᠰᠤᠷᠭᠠᠯᠲᠠ ᠶᠢᠨ ᠠᠵᠢᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠢ᠃ ᠡᠭᠦᠨ ᠳᠦ ᠬᠦᠳᠡᠭᠡ ᠲᠤᠰᠬᠤᠨ ᠤ ᠰᠤᠷᠭᠠᠭᠤᠯᠢ ᠶᠢᠨ ᠪᠠᠭᠰᠢᠨᠠᠷ ᠳᠡᠭᠡᠲᠤ ᠮᠡᠷᠭᠡᠵᠢᠯ ᠤᠨ ᠴᠤᠯᠠ ᠡᠴᠡ ᠳᠤᠷᠤᠭᠰᠢᠬᠢ ᠮᠡᠷᠭᠡᠵᠢᠯ ᠤᠨ ᠴᠤᠯᠠ ᠳᠦ ᠦᠨᠡᠯᠡᠭᠦᠯᠬᠦ ᠳᠤ ᠦᠭᠦᠯᠡᠯ ᠤᠨ ᠰᠡᠳᠦᠪ ᠲᠤ ᠬᠠᠲᠠᠭᠤ ᠴᠢᠩᠭ᠋᠎ᠠ ᠱᠠᠭᠠᠷᠳᠠᠯᠭ᠎ᠠ ᠲᠠᠯᠪᠢᠬᠤ ᠦᠭᠡᠢ᠂ ᠬᠦᠳᠡᠭᠡ ᠲᠤᠰᠬᠤᠨ ᠤ ᠰᠤᠷᠭᠠᠭᠤᠯᠢ ᠳᠦ ᠤᠷᠲᠤ ᠬᠤᠭᠤᠴᠠᠭ᠎ᠠ ᠪᠠᠭᠰᠢᠯᠠᠭᠰᠠᠨ᠂ ᠤᠷᠲᠤ ᠬᠤᠭᠤᠴᠠᠭ᠎ᠠ ᠠᠩᠭᠢ ᠶᠢᠨ ᠡᠷᠬᠢᠯᠡᠭᠴᠢ ᠶᠢᠨ ᠡᠭᠦᠷᠭᠡ  ᠬᠦᠢᠴᠡᠳᠭᠡᠭ᠍ᠰᠡᠨ᠂ ᠤᠨᠴᠠᠭᠠᠢ ᠰᠤᠷᠭᠠᠨ ᠬᠦᠮᠦᠵᠢᠯ  ᠤᠨ ᠵᠢᠭᠠᠨ ᠰᠤᠷᠭᠠᠯᠲᠠ ᠳᠤ ᠵᠤᠬᠢᠬᠤ ᠬᠤᠭᠤᠴᠠᠭ᠎ᠠ ᠠᠵᠢᠯᠯᠠᠬᠰᠠᠨ ᠵᠡᠷᠭᠡ ᠪᠠᠶᠢᠳᠠᠯ ᠳᠤ ᠲᠦᠷᠦ ᠶᠢᠨ ᠪᠤᠳᠤᠯᠭ᠎ᠠ ᠶᠢᠨ ᠬᠦᠩᠭᠡᠯᠡᠯᠲᠡ ᠲᠠᠢ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119431955