蒙古文网站Logo
ᠰᠢᠨᠬᠤᠸᠠ ᠮᠤᠩᠭ᠋ᠤᠯ ᠨᠧᠲ

ᠰᠢᠨᠬᠤᠧᠠ ᠬᠤᠷᠢᠶ᠎ᠠ ᠳᠤᠮᠳᠠᠳᠤ ᠶᠢᠨ ᠰᠤᠷᠭᠠᠨ ᠬᠦᠮᠦᠵᠢᠯ ᠤᠨ ᠬᠦᠷᠦᠩᠭᠡ ᠶᠢᠨ ᠬᠤᠯᠪᠤᠭ᠎ᠠ ᠪᠠᠶᠢᠭᠤᠯᠬᠤ  ᠶᠢ ᠤᠷᠢᠶᠠᠯᠠᠪᠠ

2016-08-22 11:59

    ᠰᠢᠨᠬᠤᠧᠠ ᠬᠤᠷᠢᠶ᠎ᠠ  ᠪᠡᠭᠡᠵᠢᠩ ᠤᠨ 8 ᠰᠠᠷ᠎ᠠ ᠶᠢᠨ 19 ᠤ᠋ ᠡᠳᠦᠷ ᠤᠨ ᠴᠠᠬᠢᠯᠭᠠᠨ ᠮᠡᠳᠡᠭᠡ᠂ ᠰᠤᠷᠭᠠᠨ ᠬᠦᠮᠦᠵᠢᠯ ᠤᠨ ᠢᠷᠡᠭᠡᠳᠦᠢ ᠶᠢ ᠪᠠᠷᠠᠯᠠᠵᠤ᠂ ᠬᠦᠷᠦᠩᠭᠡ ᠶᠢᠨ ᠰᠢᠨ᠎ᠡ ᠬᠠᠨᠳᠤᠰᠢ ᠶᠢ ᠰᠤᠳᠤᠯᠤᠨ ᠳ᠋ᠦᠩᠨᠡᠭᠡᠳ 2016 ᠤᠨ ᠤ 8 ᠰᠠᠷ᠎ᠠ ᠤᠨ 18 ᠤ᠋ ᠡᠳᠦᠷ ᠰᠢᠨᠬᠤᠸᠠ ᠬᠤᠷᠢᠶ᠎ᠠ ᠡᠴᠡ ᠵᠤᠬᠢᠶᠠᠨ ᠪᠠᠶᠢᠭᠤᠯᠤᠬᠰᠠᠨ《2016 ᠨᠧᠲ ᠤᠨ ᠰᠤᠷᠭᠠᠨ ᠬᠦᠮᠦᠵᠢᠯ ᠤᠨ ᠨᠡᠭᠡᠭᠡᠯᠲᠡ ᠲᠠᠢ ᠬᠠᠮᠲᠤᠷᠠᠨ ᠠᠵᠢᠯᠯᠠᠬᠤ ᠶᠡᠬᠡ ᠬᠤᠷᠠᠯ ᠵᠢᠴᠢ ᠰᠤᠷᠭᠠᠨ ᠬᠦᠮᠦᠵᠢᠯ ᠤᠨ ᠬᠦᠷᠦᠩᠭᠡ ᠶᠢᠨ ᠰᠢᠨ᠎ᠠ ᠬᠠᠨᠳᠤᠰᠢ ᠶᠢᠨ ᠴᠢᠭᠤᠯᠭᠠᠨ》ᠪᠡᠭᠡᠵᠢᠩ ᠳᠦ ᠨᠡᠭᠡᠭᠡᠯᠲᠡ ᠪᠡᠨ ᠬᠢᠯ᠎ᠠ᠃ ᠋ᠲᠤᠰ ᠤᠳᠠᠭᠠᠨ ᠤ ᠳᠡᠭᠡᠲᠤ ᠬᠡᠮᠵᠢᠶᠠᠨ ᠤ ᠴᠢᠭᠤᠯᠭ᠎ᠠ ᠠᠭᠤᠯᠵᠠᠯᠲᠠ ᠳᠦ ᠰᠢᠨᠬᠤᠸᠠ ᠬᠤᠷᠢᠶ᠎ᠠ ᠬᠦᠷᠦᠩᠭᠡ ᠤᠷᠤᠭᠤᠯᠤᠭᠴᠢ᠂ ᠨᠧᠲ ᠤᠨ ᠰᠤᠷᠭᠠᠨ ᠬᠦᠮᠦᠵᠢᠯ ᠵᠡᠷᠭᠡ ᠠᠵᠢᠯ ᠮᠡᠷᠭᠡᠵᠢᠯ ᠤᠨ ᠲᠦᠷᠦᠭᠦᠴᠦᠳ ᠲᠠᠢ ᠬᠤᠯᠪᠤᠭᠠᠯᠠᠨ 《ᠳᠤᠮᠳᠠᠳᠤ ᠶᠢᠨ ᠰᠤᠷᠭᠠᠨ ᠬᠦᠮᠦᠵᠢᠯ ᠤᠨ ᠬᠦᠷᠦᠩᠭᠡ ᠶᠢᠨ ᠬᠤᠯᠪᠤᠭ᠎ᠠ》 ᠶ᠋ᠢ ᠵᠤᠬᠢᠶᠠᠨ ᠪᠠᠶᠢᠭᠤᠯᠬᠤ ᠨᠡᠭᠡᠭᠡᠯᠲᠡ ᠶᠢᠨ ᠶᠤᠰᠤᠯᠠᠯ ᠬᠢᠵᠡᠢ᠃ ᠳᠤᠮᠳᠠᠳᠤ ᠶᠢᠨ ᠰᠤᠷᠭᠠᠨ ᠬᠦᠮᠦᠵᠢᠯ ᠤᠨ ᠠᠵᠤ ᠠᠬᠤᠶᠢᠯᠠᠯ ᠢ ᠬᠤᠯᠪᠤᠭᠠᠯᠠᠭᠤᠯᠵᠤ᠂ ᠳᠤᠮᠳᠠᠳᠤ ᠤᠯᠤᠰ ᠤᠨ ᠨᠧᠲ ᠤᠨ ᠰᠤᠷᠭᠠᠨ ᠬᠦᠮᠦᠵᠢᠯ ᠤᠨ ᠠᠵᠢᠯ ᠮᠡᠷᠭᠡᠵᠢᠯ ᠤᠨ ᠬᠦᠭ᠍ᠵᠢᠯᠲᠡ ᠶᠢ ᠠᠬᠢᠭᠤᠯᠬᠤ ᠪᠠᠷ ᠵᠤᠷᠢᠯᠲᠠ ᠪᠠᠨ ᠪᠤᠯᠭᠠᠬᠰᠠᠨ ᠶᠤᠮ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

 

ᠳᠤᠮᠳᠠᠳᠤ ᠶᠢᠨ ᠰᠤᠷᠭᠠᠨ ᠬᠦᠮᠦᠵᠢᠯ ᠤᠨ ᠬᠦᠷᠦᠩᠭᠡ ᠶᠢᠨ ᠬᠤᠯᠪᠤᠭ᠎ᠠ ᠶᠢᠨ ᠨᠡᠭᠡᠭᠡᠯᠲᠡ ᠶᠢᠨ ᠶᠤᠰᠤᠯᠠᠯ (ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠬᠦᠧᠧ ᠰᠢᠶᠤᠤ ᠲᠢᠶᠠᠨ ᠵᠢᠷᠤᠭᠯᠠᠪᠠ)

 

2016 ᠨᠧᠲ ᠤᠨ ᠰᠤᠷᠭᠠᠨ ᠬᠦᠮᠦᠵᠢᠯ ᠤᠨ ᠨᠡᠭᠡᠭᠡᠯᠲᠡ ᠲᠠᠢ ᠬᠠᠮᠲᠤᠷᠠᠨ ᠠᠵᠢᠯᠯᠠᠬᠤ ᠶᠡᠬᠡ ᠬᠤᠷᠠᠯ ᠵᠢᠴᠢ ᠰᠤᠷᠭᠠᠨ ᠬᠦᠮᠦᠵᠢᠯ ᠤᠨ ᠬᠦᠷᠦᠩᠭᠡ ᠶᠢᠨ ᠰᠢᠨ᠎ᠠ ᠬᠠᠨᠳᠤᠰᠢ ᠶᠢᠨ ᠴᠢᠭᠤᠯᠭᠠᠨ ᠤ ᠠᠬᠤᠢ ᠲᠠᠯᠠᠪᠠᠢ (ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠬᠦᠧᠧ ᠰᠢᠶᠤᠤ ᠲᠢᠶᠠᠨ ᠵᠢᠷᠤᠭᠯᠠᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119431964