蒙古文网站Logo
ᠰᠢᠨᠬᠤᠸᠠ ᠮᠤᠩᠭ᠋ᠤᠯ ᠨᠧᠲ

ᠶᠡᠭᠡ ᠳᠡᠭᠡᠲᠤ ᠰᠤᠷᠭᠠᠭᠤᠯᠢ ᠶᠢᠨ ᠬᠦᠴᠢᠷᠳᠡᠯ ᠲᠠᠢ ᠰᠤᠷᠤᠭᠴᠢ ᠰᠤᠷᠭᠠᠨ ᠬᠦᠮᠦᠵᠢᠯ ᠤᠨ ᠶᠠᠮᠤᠨ ᠤ ᠤᠲᠠᠰᠤᠨ ᠳᠦ ᠬᠤᠯᠪᠤᠭᠳᠠᠵᠤ ᠳᠡᠮᠵᠢᠯᠭᠡ ᠬᠦᠰᠡᠵᠤ ᠪᠤᠯᠤᠨ᠎ᠠ

2016-08-23 17:39

    ᠰᠤᠷᠪᠤᠯᠵᠢᠯᠠᠭᠴᠢ ᠰᠤᠷᠭᠠᠨ ᠬᠦᠮᠦᠵᠢᠯ ᠤᠨ ᠶᠠᠮᠤᠨ ᠡᠴᠡ ᠤᠶᠢᠯᠠᠭᠠᠭᠰᠠᠨ ᠢᠶᠡᠷ᠂ 8 ᠰᠠᠷ᠎ᠠ ᠶᠢᠨ 22 ᠤ ᠡᠳᠦᠷ ᠡᠴᠡ ᠡᠬᠢᠯᠡᠨ ᠨᠢᠭᠡ ᠰᠠᠷ᠎ᠠ ᠶᠢᠨ ᠬᠤᠭᠤᠴᠠᠭᠠᠨ ᠳᠦ ᠰᠤᠷᠭᠠᠨ ᠭᠦᠮᠦᠵᠢᠯ ᠤᠨ ᠶᠠᠮᠤᠨ ᠶᠡᠭᠡ ᠲᠡᠭᠡᠲᠤ ᠰᠤᠷᠭᠠᠭᠤᠯᠢ ᠶᠢᠨ ᠲᠤᠰᠠᠯᠠᠮᠵᠢ ᠶᠢᠨ ᠤᠲᠠᠰᠤᠨ ᠤ ᠦᠢᠯᠡᠴᠢᠯᠡᠭᠡ ᠬᠠᠩᠭ᠋ᠠᠵᠤ᠂ ᠠᠮᠢᠳᠤᠷᠠᠯ ᠨᠢ ᠬᠦᠴᠢᠷᠳᠡᠯ ᠲᠠᠢ ᠰᠤᠷᠤᠭᠴᠢ ᠶᠢᠨ ᠡᠷᠡᠭᠡᠯᠵᠡᠯ ᠢ ᠨᠢ ᠲᠠᠶᠢᠯᠵᠤ᠂ ᠰᠤᠷᠭᠠᠭᠤᠯᠢ ᠳᠦ ᠤᠷᠤᠬᠤ ᠳᠦ ᠨᠢ ᠲᠤᠰᠠᠯᠠᠨ᠎ᠠ᠃ ᠤᠶᠢᠯᠠᠭᠠᠭᠰᠠᠨ ᠢᠶᠡᠷ ᠰᠤᠷᠠᠭᠠᠨ ᠬᠦᠮᠦᠵᠢᠯ ᠤᠨ ᠶᠠᠮᠤᠨ ᠤ ᠶᠡᠭᠡ ᠲᠡᠭᠡᠲᠤ ᠰᠤᠷᠭᠠᠭᠤᠯᠢ ᠶᠢᠨ ᠲᠤᠰᠠᠯᠠᠮᠵᠢ ᠶᠢᠨ ᠤᠲᠠᠰᠤᠨ ᠤ ᠳ᠋ᠤᠭᠠᠢ ᠨᠢ 010-66097980᠂ 010-66096590᠃ 2005 ᠤᠨ ᠡᠴᠡ ᠡᠬᠢᠯᠡᠨ ᠰᠤᠷᠭᠠᠨ ᠬᠦᠮᠦᠵᠢᠯ ᠤᠨ ᠶᠠᠮᠤᠨ ᠵᠢᠯ ᠪᠦᠷᠢ ᠶᠢᠨ ᠵᠤᠨ ᠤ ᠠᠮᠠᠷᠠᠯᠲᠠ ᠵᠢᠴᠢ ᠰᠤᠷᠭᠠᠭᠤᠯᠢ ᠡᠬᠢᠯᠡᠬᠦ ᠡᠴᠡ ᠡᠮᠦᠨ᠎ᠡ ᠡᠨᠡᠬᠦ ᠦᠢᠯᠡᠴᠢᠯᠡᠬᠦ ᠤᠲᠠᠰᠤᠨ ᠤ ᠳ᠋ᠤᠭᠠᠷ ᠢ ᠨᠡᠪᠲᠡᠷᠡᠭᠦᠯᠵᠤ ᠪᠠᠶᠢᠭ᠎ᠠ ᠶᠤᠮ᠃

    ᠡᠨᠡ ᠵᠢᠯ ᠲᠤᠰᠠᠯᠠᠮᠵᠢ ᠶᠢᠨ ᠤᠲᠠᠰᠤᠨ ᠤ ᠦᠢᠯᠡᠴᠢᠯᠡᠭᠡ ᠡᠴᠡ ᠭᠠᠳᠠᠨ᠎ᠠ ᠰᠤᠷᠭᠠᠨ ᠬᠦᠮᠦᠵᠢᠯ ᠤᠨ ᠶᠠᠮᠤᠨ ᠡᠴᠡ ᠡᠯ᠎ᠡ ᠪᠦᠰᠡ ᠨᠤᠲᠤᠭ᠂ ᠲᠦᠪ ᠤᠨ ᠡᠯ᠎ᠡ ᠶᠡᠭᠡ ᠳᠡᠭᠡᠲᠤ ᠰᠤᠷᠭᠠᠭᠤᠯᠢ ᠨᠤᠭᠤᠳ ᠤᠲᠠᠰᠤᠨ ᠤ ᠦᠢᠯᠡᠴᠢᠯᠡᠭᠡ ᠨᠡᠪᠲᠡᠷᠡᠭᠦᠯᠬᠦ ᠶᠢ ᠱᠠᠭᠠᠷᠳᠠᠵᠤ᠂ ᠰᠤᠷᠤᠭᠴᠢ ᠪᠤᠯᠤᠨ ᠭᠡᠷ ᠤᠨ ᠠᠬᠠᠮᠠᠳ ᠤᠨ ᠠᠰᠠᠭᠤᠯᠲᠠ ᠶᠢ ᠬᠢᠴᠢᠶᠡᠩᠭᠦᠢ ᠬᠠᠷᠢᠭᠤᠯᠵᠤ᠂ ᠰᠤᠷᠤᠭᠴᠢᠳ ᠤᠨ ᠠᠰᠠᠭᠤᠳᠠᠯ ᠢ ᠰᠢᠢᠳᠪᠦᠷᠢᠯᠡᠵᠤ ᠦᠭ᠍ᠬᠦ ᠬᠡᠷᠡᠭᠲᠡᠢ᠃ ᠰᠤᠷᠤᠭᠴᠢᠳ ᠠᠰᠠᠭᠤᠳᠠᠯ  ᠪᠠᠶᠢᠪᠠᠯ ᠤᠷᠢᠳᠠᠵᠤ ᠰᠤᠷᠤᠯᠴᠠᠵᠤ ᠪᠠᠶᠢᠭ᠎ᠠ ᠰᠤᠷᠭᠠᠭᠤᠯᠢ ᠲᠠᠢ ᠪᠡᠨ ᠬᠠᠷᠢᠴᠠᠨ᠎ᠠ᠂ ᠬᠡᠷᠪᠡ ᠠᠰᠠᠭᠤᠳᠠᠯ ᠪᠦᠲᠦᠮᠵᠢᠲᠠᠢ ᠰᠢᠢᠳᠪᠦᠷᠢᠯᠡᠭᠳᠡᠵᠤ ᠴᠢᠳᠠᠭᠰᠠᠨ ᠦᠭᠡᠢ ᠪᠤᠯ᠂ ᠬᠤᠯᠪᠤᠭᠳᠠᠯ ᠪᠦᠬᠦᠢ ᠮᠤᠵᠢ ᠬᠤᠲᠠ ᠵᠢᠴᠢ ᠰᠤᠷᠭᠠᠨ ᠬᠦᠮᠦᠵᠢᠯ ᠤᠨ ᠶᠠᠮᠤᠨ ᠬᠦᠷᠲᠠᠯ᠎ᠠ ᠤᠲᠠᠰᠤᠳᠠᠵᠤ ᠪᠤᠯᠤᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119441446