蒙古文网站Logo
ᠰᠢᠨᠬᠤᠸᠠ ᠮᠤᠩᠭ᠋ᠤᠯ ᠨᠧᠲ

2021 ᠤᠨ ᠤ ᠶᠡᠬᠡ ᠳᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠪᠠᠶᠢᠭᠠᠯᠢ ᠶᠢᠨ ᠰᠢᠨᠵᠢᠯᠡᠬᠦ ᠤᠬᠠᠭᠠᠨ ᠪᠤᠯᠤᠨ ᠨᠠᠶᠢᠭᠡᠮ ᠤᠨ ᠰᠢᠨᠵᠢᠯᠡᠬᠦ ᠤᠬᠠᠭᠠᠨ ᠤ ᠠᠩᠭᠢ ᠭᠡᠵᠤ ᠬᠤᠪᠢᠶᠠᠬᠤ ᠦᠭᠡᠢ ᠭᠠᠳᠠᠭᠠᠲᠤ ᠬᠡᠯᠡ ᠶᠢ ᠬᠤᠶᠠᠷ ᠤᠳᠠᠭ᠎ᠠ ᠰᠢᠯᠭᠠᠬᠤ ᠲᠦᠰᠦᠯ ᠨᠠᠶᠢᠲᠡᠯᠡᠭᠳᠡᠪᠡ

2016-08-24 17:29

    2021 ᠤᠨ ᠤ ᠾᠧᠨᠠᠨ ᠤ ᠶᠡᠬᠡ ᠳᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠩᠭᠢ ᠪᠤᠯᠤᠨ ᠨᠠᠶᠢᠭᠡᠮ ᠤᠨ ᠰᠢᠨᠵᠢᠯᠡᠬᠦ ᠤᠬᠠᠭᠠᠨ ᠤ ᠠᠩᠭᠢ ᠭᠡᠵᠤ ᠬᠤᠪᠢᠶᠠᠬᠤ ᠦᠭᠡᠢ ᠪᠤᠯᠵᠤ᠂ 3 ᠲᠦᠷᠦᠯ ᠤᠨ ᠤᠯᠤᠰ ᠳᠠᠶᠠᠭᠠᠷ ᠤᠨ ᠨᠢᠭᠡᠳᠤᠯᠳᠠᠢ ᠰᠢᠯᠭᠠᠯᠲᠠ ᠪᠤᠯᠤᠨ 3 ᠲᠦᠷᠦᠯ ᠤᠨ ᠳᠡᠭᠡᠲᠤ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠢᠷᠢ ᠪᠦᠲᠦᠮᠵᠢ ᠪᠡᠷ ᠶᠡᠬᠡ ᠳᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ  ᠶᠢᠨ ᠶᠡᠷᠦᠩᠬᠡᠢ ᠬᠤᠪᠢ ᠪᠤᠯᠭᠠ᠂ ᠭᠠᠳᠠᠭᠠᠲᠤ ᠬᠡᠯᠡ ᠶᠢ ᠬᠤᠶᠠᠷ ᠤᠳᠠᠭ᠎ᠠ ᠰᠢᠯᠭᠠᠬᠤ ᠲᠤᠬᠢᠶᠠᠯ ᠲᠠᠢ᠂ ᠡᠭᠦᠨ ᠳᠦ ᠰᠤᠨᠤᠰᠬᠠᠯ ᠰᠢᠯᠭᠠᠯᠲᠠ ᠶᠢᠨ ᠠᠭᠤᠯᠭ᠎ᠠ ᠶᠢ ᠨᠠᠮᠠᠨ᠎ᠠ᠃ 8 ᠰᠠᠷ᠎ᠠ ᠶᠢᠨ 23 ᠤ ᠡᠳᠦᠷ ᠾᠧᠨᠠᠨ ᠤ ᠰᠤᠷᠤᠭᠴᠢ ᠡᠯᠰᠡᠬᠦ ᠰᠢᠯᠭᠠᠯᠲᠠ ᠶᠢᠨ ᠦᠭᠡᠷᠡᠴᠢᠯᠡᠯᠲᠡ ᠶᠢᠨ ᠲᠦᠰᠦᠪ ᠵᠢᠩᠬᠢᠨᠢ ᠪᠡᠷ ᠨᠠᠶᠢᠲᠡᠯᠡᠭᠳᠡᠪᠡ᠃ ᠾᠧᠨᠠᠨ ᠮᠤᠵᠢ 2018 ᠤᠨ ᠡᠴᠡ ᠡᠬᠢᠯᠡᠨ ᠶᠡᠬᠡ ᠳᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ  ᠶᠢᠨ ᠦᠭᠡᠷᠡᠴᠢᠯᠡᠯᠲᠡ ᠶᠢᠨ ᠰᠢᠨ᠎ᠠ ᠲᠦᠰᠦᠪ ᠢ ᠬᠡᠷᠡᠭᠵᠢᠭᠦᠯᠤᠨ᠎ᠠ᠂ ᠡᠶᠢᠮᠦ ᠡᠴᠡ ᠬᠤᠶᠢᠲᠤᠨ ᠵᠢᠯ ᠤᠨ ᠨᠠᠮᠤᠷ ᠳᠡᠭᠡᠲᠤ ᠳᠤᠮᠳᠠᠳᠤ ᠳᠦ ᠤᠷᠤᠬᠤ ᠰᠤᠷᠤᠭᠴᠢ ᠠᠩᠬᠠᠳᠠᠭᠴᠢ ᠶᠡᠬᠡ ᠳᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠶᠢᠨ ᠰᠢᠨ᠎ᠡ ᠲᠦᠰᠦᠯ ᠤᠨ ᠰᠢᠯᠭᠠᠭᠤᠯᠤᠭᠰᠠᠳ ᠪᠤᠯᠤᠨ᠎ᠠ᠃ ( ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠣᠧᠠ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119448501