蒙古文网站Logo
ᠰᠢᠨᠬᠤᠸᠠ ᠮᠤᠩᠭ᠋ᠤᠯ ᠨᠧᠲ

ᠰᠢᠨ᠎ᠠ ᠰᠤᠷᠤᠯᠭ᠎ᠠ ᠶᠢᠨ ᠬᠤᠭᠤᠴᠠᠭ᠎ᠠ ᠰᠤᠷᠤᠯᠭ᠎ᠠ ᠶᠢᠨ ᠰᠤᠯᠠ ᠵᠠᠷᠦᠳᠠᠯ ᠢ ᠲᠤᠰᠢᠶᠠᠬᠤ ᠴᠢᠬᠤᠯᠠ ᠦᠭᠡᠢ ᠪᠤᠯᠵᠠᠢ

2016-08-26 15:14

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠡᠴᠡ ᠤᠶᠢᠯᠠᠭᠠᠭᠰᠠᠨ ᠢᠶᠡᠷ᠂ 2016 ᠤᠨ ᠤ ᠨᠠᠮᠤᠷ ᠤᠨ ᠬᠤᠭᠤᠴᠠᠭ᠎ᠠ ᠡᠴᠡ ᠡᠬᠢᠯᠡᠨ ᠠᠯᠪᠠᠨ ᠡᠴᠡ ᠡᠷᠬᠢᠯᠡᠭᠰᠡᠨ ᠡᠩ ᠤᠨ ᠳᠡᠭᠡᠲᠤ ᠳᠤᠮᠳᠠᠳᠤ ᠶᠢᠨ ᠬᠦᠴᠢᠷᠳᠡᠯᠲᠠᠢ ᠳᠠᠩᠰᠠ ᠡᠪᠬᠡᠮᠡᠯ ᠤᠨ ᠺᠠᠷᠲ ᠲᠠᠢ ᠰᠤᠷᠤᠭᠴᠢ ᠪᠤᠯᠤᠨ ᠠᠮᠢᠳᠤᠷᠠᠯ ᠬᠦᠴᠢᠷᠳᠡᠯᠲᠠᠢ᠂ ᠬᠥᠭ᠍ᠵᠢᠯ ᠤᠨ ᠪᠡᠷᠬᠡᠰᠢᠶᠡᠯ ᠲᠡᠢ ᠰᠤᠷᠤᠭᠴᠢᠳ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠳᠦᠷᠢᠭᠦᠯᠦᠨ᠎ᠠ᠃ ᠠᠷᠠᠳ ᠡᠴᠡ ᠡᠷᠬᠢᠯᠡᠭᠰᠡᠨ ᠰᠤᠷᠭᠠᠭᠤᠯᠢ ᠶᠢᠨ ᠪᠠᠷᠢᠮᠵᠢᠶᠠᠨ ᠳᠦ ᠨᠡᠶᠢᠴᠡᠬᠦ ᠰᠤᠷᠤᠭᠴᠢ ᠳᠤ ᠲᠤᠬᠠᠢ ᠶᠢᠨ ᠤᠷᠤᠨ ᠤ ᠠᠳᠠᠯᠢ ᠵᠡᠷᠭᠡᠯᠡᠯ ᠤᠨ ᠠᠯᠪᠠᠨ ᠡᠴᠡ ᠡᠷᠬᠢᠯᠡᠭᠰᠡᠨ ᠰᠤᠷᠭᠠᠭᠤᠯᠢ ᠶᠢᠨ ᠪᠠᠷᠢᠮᠵᠢᠶ᠎ᠠ ᠪᠡᠷ ᠨᠦᠬᠦᠪᠦᠷᠢ ᠤᠯᠭᠤᠨ᠎ᠠ᠂ ᠬᠠᠮᠤᠭ ᠤᠨ ᠬᠦᠴᠢᠷᠲᠡᠢ ᠰᠤᠷᠤᠭᠴᠢ ᠳᠦ ᠨᠦᠬᠦᠪᠦᠷᠢ ᠤᠯᠭᠤᠬᠤ ᠶᠢ ᠪᠠᠲᠤᠯᠠᠬᠤ ᠬᠡᠷᠡᠭᠲᠠᠢ᠃

    ᠤᠶᠢᠯᠠᠭᠠᠭᠰᠠᠨ ᠢᠶᠡᠷ᠂ ᠰᠤᠷᠤᠯᠭ᠎ᠠ ᠶᠢᠨ ᠰᠤᠯᠠ ᠵᠠᠷᠤᠳᠠᠯ᠂ ᠳᠡᠭᠡᠲᠤ ᠳᠤᠮᠳᠠᠳᠤ ᠶᠢᠨ ᠵᠢᠭᠠᠨ ᠰᠤᠷᠭᠠᠬᠤ ᠴᠢᠨᠡᠷ ᠴᠢᠨᠰᠠᠭ᠎ᠠ᠂ ᠭᠠᠵᠠᠷ ᠵᠦᠢ ᠶᠢᠨ ᠪᠠᠶᠢᠷᠢᠯᠠᠯ ᠵᠡᠷᠭᠡ ᠤᠯᠠᠨ ᠲᠦᠷᠦᠯ ᠤᠨ ᠰᠢᠯᠲᠠᠭᠠᠨ ᠡᠴᠡ ᠪᠤᠯᠵᠤ᠂ ᠡᠯ᠎ᠡ ᠪᠦᠰᠡ ᠨᠤᠲᠤᠭ ᠤᠨ ᠲᠤᠰᠠᠯᠠᠮᠵᠢ ᠶᠢᠨ ᠮᠦᠩᠭᠦᠨ ᠤ ᠪᠠᠷᠢᠮᠵᠢᠶ᠎ᠠ ᠵᠦᠷᠢᠶ᠎ᠡ ᠲᠠᠢ᠂ ᠬᠦᠳᠡᠭᠡ ᠲᠤᠰᠬᠤᠨ ᠤ ᠬᠦᠴᠢᠷᠳᠡᠯᠲᠠᠢ ᠰᠤᠷᠤᠭᠴᠢᠳ ᠲᠤ ᠶᠡᠷᠦᠩᠬᠡᠢ ᠳᠦ ᠪᠡᠨ ᠵᠢᠯ ᠳᠦ 1000 ᠭᠠᠷᠤᠢ ᠲᠦᠬᠦᠷᠢᠭ᠌ ᠨᠤᠭᠳᠠᠨ᠎ᠠ᠃

    ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯᠲᠡᠨ ᠤ ᠢᠯᠡᠷᠬᠡᠶᠢᠯᠡᠭᠰᠡᠨ ᠢᠶᠡᠷ᠂ ᠡᠨᠡᠬᠦ ᠲᠦᠷᠦ ᠶᠢᠨ ᠪᠤᠳᠤᠯᠭ᠎ᠠ  ᠳᠤ ᠤᠯᠤᠰ ᠡᠴᠡ ᠬᠦᠴᠢᠷᠳᠡᠯᠲᠠᠢ ᠰᠤᠷᠤᠭᠴᠢ ᠶᠢ ᠲᠤᠰᠠᠯᠠᠬᠤ ᠬᠦᠷᠢᠶ᠎ᠠ ᠴᠠᠷᠠᠭ᠎ᠠ ᠪᠡᠨ ᠳᠡᠭᠡᠲᠤ ᠳᠤᠮᠳᠠᠳᠤ  ᠳᠤ ᠬᠦᠷᠲᠡᠯ᠎ᠠ ᠥᠷᠭᠡᠳᠭᠡᠭ᠍ᠰᠡᠨ  ᠨᠢ ᠳᠡᠭᠡᠲᠤ ᠳᠤᠮᠳᠠᠳᠤ ᠶᠢᠨ ᠰᠤᠷᠤᠭᠴᠢᠳ ᠲᠤ ᠶᠡᠬᠡᠬᠡᠨ ᠬᠠᠷᠠᠭᠠᠯᠵᠠᠯ ᠪᠤᠯᠵᠤ᠂ ᠲᠡᠳᠡᠨᠦᠰ ᠤᠨ ᠰᠤᠷᠭᠠᠭᠤᠯᠢ ᠳᠤ ᠰᠤᠷᠤᠯᠴᠠᠵᠤ ᠴᠢᠳᠠᠬᠤ ᠦᠭᠡᠢ ᠪᠠᠶᠢᠬᠰᠠᠨ ᠠᠰᠠᠭᠤᠳᠠᠯ ᠢ ᠰᠢᠢᠳᠪᠦᠷᠢᠯᠡᠵᠠᠢ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119461553