蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠡᠯ᠎ᠠ ᠵᠠᠷᠭᠡᠯᠡᠯ ᠤᠨ ᠲᠤᠰᠬᠠᠢ ᠪᠠᠭᠰᠢ 1539 ᠲᠦᠮᠠ ᠪᠤᠯᠵᠦ ᠦᠨᠳᠦᠷ ᠪᠤᠯᠪᠠᠰᠤᠷᠠᠯ ᠲᠠᠢ ᠪᠠᠭᠰᠢ ᠶᠢᠨ ᠬᠠᠷᠢᠴᠠᠯ ᠨᠡᠮᠡᠭᠲᠡᠪᠡ

2016-08-31 17:53

    ᠰᠢᠨᠬᠤᠸᠠ ᠬᠤᠷᠢᠶ᠎ᠠ   ᠪᠡᠭᠡᠵᠢᠩ ᠤᠨ 8 ᠰᠠᠷ᠎ᠠ ᠶᠢᠨ 31 ᠤ ᠡᠳᠦᠷ ᠤᠨ ᠴᠠᠬᠢᠯᠭᠠᠨ ᠮᠡᠳᠡᠭᠡ   ᠰᠤᠷᠭᠠᠨ ᠬᠦᠮᠦᠵᠢᠯ ᠤᠨ ᠶᠠᠮᠤᠨ ᠬᠡᠪᠯᠡᠯ ᠮᠡᠳᠡᠬᠡᠯᠡᠯ ᠤᠨ ᠬᠤᠷᠠᠯ ᠬᠤᠷᠠᠯᠳᠤᠵᠤ᠂ ᠪᠠᠭᠰᠢ ᠶᠢᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠵᠢᠴᠢ ᠪᠠᠭᠰᠢ ᠶᠢᠨ ᠪᠠᠶᠠᠷ ᠢ ᠤᠬᠠᠭᠤᠯᠤᠨ ᠪᠡᠯᠭᠡᠯᠡᠬᠦ ᠠᠵᠢᠯᠯᠠᠭ᠎ᠠ ᠲᠠᠢ ᠬᠠᠮᠢᠶ᠎ᠠ ᠪᠦᠬᠦᠢ ᠠᠰᠠᠭᠤᠳᠠᠯ ᠢ ᠲᠠᠨᠢᠯᠴᠠᠭᠤᠯᠪᠠ᠃

    ᠤᠶᠢᠯᠠᠭᠠᠭᠰᠠᠨ ᠢᠶᠡᠷ᠂ 2015 ᠤᠨ ᠪᠤᠯᠳᠠᠯ᠎ᠠ ᠤᠯᠤᠰ ᠳᠠᠶᠠᠭᠠᠷ ᠤᠨ ᠡᠯ᠎ᠠ ᠵᠡᠷᠭᠡᠯᠡᠯ ᠤᠨ ᠡᠯ᠎ᠠ ᠲᠦᠷᠦᠯ ᠤᠨ ᠲᠤᠰᠬᠠᠢ ᠪᠠᠭᠰᠢ 1539 ᠲᠦᠮᠡ ᠪᠤᠯᠪᠠ᠂ ᠡᠭᠦᠨ ᠳᠦ ᠴᠡᠴᠡᠷᠯᠢᠭ᠌ ᠤᠨ ᠪᠠᠭᠰᠢ 205 ᠲᠦᠮᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠪᠠᠭᠰᠢ 918 ᠲᠦᠮᠡ ᠂ ᠳᠡᠭᠡᠲᠤ ᠳᠤᠮᠳᠠᠳᠤ ᠶᠢᠨ ᠪᠠᠭᠰᠢ 254 ᠲᠦᠮᠡ᠂ ᠶᠡᠭᠡ ᠳᠡᠭᠡᠲᠤ ᠰᠤᠷᠭᠠᠭᠤᠯᠢ ᠵᠢᠨ ᠪᠠᠭᠰᠢ 157 ᠲᠦᠮᠡ᠂ ᠤᠨᠴᠠᠭᠠᠢ ᠰᠤᠷᠭᠠᠨ ᠬᠦᠮᠦᠵᠢᠯ ᠤᠨ ᠪᠠᠭᠰᠢ 5 ᠲᠦᠮᠨ᠃ ᠡᠳᠡᠭᠡᠷ ᠪᠠᠭᠰᠢ 51 ᠲᠦᠮᠠᠨ ᠰᠤᠷᠭᠠᠭᠤᠯᠢ ᠳᠤ ᠠᠵᠢᠯᠯᠠᠵᠤ᠂ 3.06 ᠳ᠋ᠦᠩᠰᠢᠭᠤᠷ ᠰᠤᠷᠤᠭᠴᠢᠳ ᠲᠠᠢ ᠳᠡᠯᠡᠬᠡᠢ ᠳ᠋ᠠᠬᠢᠨ ᠤ ᠬᠠᠮᠤᠭ ᠤᠨ ᠲᠤᠮᠤ ᠬᠦᠷᠢᠶ᠎ᠠ ᠴᠠᠷᠠᠭᠠᠨ ᠳᠡᠬᠢ ᠰᠤᠷᠭᠠᠨ ᠬᠦᠮᠦᠵᠢᠯ ᠤᠨ ᠰᠢᠰᠲ᠋ᠧᠮ ᠢ ᠲᠤᠯᠭᠠᠭᠤᠷᠢᠯᠠᠵᠤ ᠪᠤᠢ᠃ ᠪᠠᠭᠰᠢ ᠶᠢᠨ ᠡᠩᠨᠡᠭᠡ ᠶᠢᠨ ᠶᠡᠷᠦᠩᠬᠡᠢ ᠲᠤᠭ᠎ᠠ ᠨᠡᠮᠡᠭᠳᠡᠨ᠂ ᠲᠤᠬᠢᠷᠠᠭᠤᠯᠭ᠎ᠠ ᠶᠢᠨ ᠪᠠᠶᠢᠳᠠᠯ ᠶᠡᠷᠦᠩᠬᠡᠢ ᠳᠦ ᠪᠡᠨ ᠰᠠᠶᠢᠵᠢᠷᠠᠵᠠᠢ᠃ ᠲᠤᠰᠬᠠᠢ ᠪᠠᠭᠰᠢ ᠶᠢᠨ ᠲᠤᠭ᠎ᠠ ᠨᠢ 2014 ᠤᠨ ᠤ ᠬᠢ ᠡᠴᠡ 28 ᠲᠦᠮᠡ ᠭᠠᠷᠤᠢ ᠨᠡᠮᠡᠭᠳᠡᠪᠠ᠂ ᠡᠭᠦᠨ ᠳᠦ ᠴᠡᠴᠡᠷᠯᠢᠭ᠌᠋ ᠤᠨ ᠪᠠᠭᠰᠢ 20.68 ᠲᠦᠮᠡ᠂ ᠤᠨᠴᠠᠭᠠᠢ ᠰᠤᠷᠭᠠᠨ ᠬᠦᠮᠦᠵᠢᠯ ᠤᠨ ᠪᠠᠭᠰᠢ 0.22 ᠲᠦᠮᠠ᠂ ᠠᠩᠬ᠎ᠠ ᠵᠡᠷᠭᠡ ᠶᠢᠨ ᠰᠤᠷᠭᠠᠨ ᠬᠦᠮᠦᠵᠢᠯ ᠤᠨ ᠪᠠᠭᠰᠢ 4.52 ᠲᠦᠮᠡ᠂ ᠶᠡᠭᠡ ᠳᠡᠭᠡᠲᠤ ᠰᠤᠷᠭᠠᠭᠤᠯᠢ ᠵᠢᠨ ᠪᠠᠭᠰᠢ 3.81 ᠲᠦᠮᠡ ᠨᠡᠮᠡᠭᠳᠡᠨ᠂ ᠳᠤᠮᠳᠠ ᠵᠡᠷᠭᠡ ᠶᠢᠨ ᠰᠤᠷᠭᠠᠨ ᠬᠦᠮᠦᠵᠢᠯ ᠤᠨ ᠪᠠᠭᠰᠢ 0.45 ᠲᠦᠮᠡ ᠬᠠᠰᠤᠭᠳᠠᠵᠠᠢ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119488532