蒙古文网站Logo
ᠰᠢᠨᠬᠤᠸᠠ ᠮᠤᠩᠭ᠋ᠤᠯ ᠨᠧᠲ

ᠤᠯᠠᠭᠠᠨᠬᠠᠳᠠ ᠳᠡᠬᠢ ᠮᠤᠨᠭᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠳᠠᠯᠠᠨ ᠵᠢᠯ ᠤᠨ ᠤᠢ ᠪᠠᠨ ᠪᠡᠯᠭᠡᠯᠡᠬᠦ ᠠᠵᠢᠯᠯᠠᠭ᠎ᠠ ᠪᠡᠯᠡᠬᠡᠨ ᠪᠤᠯᠤᠭᠠᠳ ᠪᠤᠢ

2016-09-05 16:52

    ᠰᠢᠨᠬᠤᠸᠠ ᠮᠤᠨᠭᠭᠤᠯ ᠨᠧᠲ  ᠬᠦᠬᠡᠬᠤᠲᠠ ᠶᠢᠨ 9 ᠰᠠᠷ᠎ᠠ  ᠶᠢᠨ 5 ᠤ᠋ ᠡᠳᠦᠷ ᠤᠨ ᠴᠠᠬᠢᠯᠭᠠᠨ ᠮᠡᠳᠡᠭᠡ(ᠰᠠᠷᠠᠨᠲᠦᠶᠠᠭ᠎ᠠ) ᠳᠠᠯᠠᠨ ᠬᠠᠪᠤᠷ ᠨᠠᠮᠤᠷ ᠢᠶᠡᠷ ᠨᠢᠭᠡᠯᠬᠡᠨ ᠬᠦᠰᠡᠯ ᠳᠤ ᠬᠦᠲᠦᠯᠡᠭᠳᠡᠵᠦ᠂ ᠬᠦᠮᠤᠨ ᠬᠦᠮᠦᠵᠢᠭᠦᠯᠬᠦ ᠠᠶᠠᠨ ᠢᠶᠡᠨ ᠭᠠᠨᠵᠤᠭ᠎ᠠ ᠲᠦᠭᠦᠷᠡᠩ ᠮᠢᠯᠢᠶᠠᠵᠦ ᠶᠠᠪᠤᠭ᠎ᠠ ᠤᠯᠠᠭᠠᠨᠬᠠᠳᠠ ᠳᠡᠬᠢ ᠮᠤᠨᠭᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠪᠠᠶᠢᠭᠤᠯᠤᠬᠳᠠᠬᠰᠠᠨ ᠳᠠᠯᠠᠨ ᠵᠢᠯ ᠤᠨ ᠤᠢ ᠪᠠᠨ ᠪᠡᠯᠭᠡᠯᠡᠬᠦ ᠠᠵᠢᠯᠯᠠᠭ᠎ᠠ 2016 ᠤᠨ ᠤ 9 ᠰᠠᠷ᠎ᠠ ᠶᠢᠨ 9-10  ᠤ᠋ ᠡᠳᠦᠷ ᠪᠤᠯᠲᠠᠯ᠎ᠠ ᠤᠯᠠᠭᠠᠨᠬᠠᠲᠠ ᠬᠤᠲᠠᠨ᠎ᠠ ᠦᠪᠡᠳᠡᠭᠰᠢ ᠪᠤᠯᠬᠤ ᠪᠡᠷ ᠪᠤᠢ᠃

    ᠤᠶᠢᠯᠠᠭᠠᠬᠰᠠᠨ ᠢᠶᠡᠷ᠂ ᠪᠡᠯᠭᠡᠯᠡᠬᠦ ᠠᠵᠢᠯᠯᠠᠭ᠎ᠠ ᠶᠢᠨ ᠦᠶ᠎ᠡ ᠪᠡᠷ ᠨᠤᠮ ᠤᠨ ᠬᠠᠨᠢᠲᠠᠳ ᠤᠨ ᠹᠤᠷᠦ᠋ᠮ᠂ ᠶᠤᠰᠤᠯᠠᠯ ᠤᠨ ᠠᠵᠢᠯᠯᠠᠭ᠎ᠠ᠂ ᠪᠦᠬᠡ ᠶᠢᠨ ᠨᠠᠶᠢᠷ᠂ ᠤᠷᠠᠨ ᠰᠠᠶᠢᠬᠠᠨ ᠤ ᠲᠤᠬᠯᠠᠯᠲᠠ ᠵᠡᠷᠭᠡ ᠪᠠᠶᠠᠯᠢᠬ ᠠᠭᠤᠯᠭ᠎ᠠ ᠲᠠᠢ ᠠᠷᠭ᠎ᠠ ᠬᠡᠮᠵᠢᠶ᠎ᠡ ᠨᠤᠭᠦᠳ ᠵᠤᠬᠢᠶᠠᠨ ᠪᠠᠶᠢᠭᠤᠯᠤᠬᠳᠠᠨ᠎ᠠ᠃

    ᠤᠯᠠᠭᠠᠨᠬᠠᠳᠠ ᠳᠡᠬᠢ ᠮᠤᠨᠭᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠪᠤᠯ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠳᠡᠭᠡᠳᠤ ᠰᠤᠷᠭᠠᠭᠤᠯᠢ ᠡᠴᠡ ᠡᠭᠦᠰᠤᠯ ᠲᠠᠢ ᠦᠪᠦᠷ ᠮᠤᠨᠭᠭᠤᠯ ᠤᠨ ᠭᠤᠤᠯᠳᠠᠯᠭᠠᠳᠤ ᠳᠤᠮᠳᠠᠳᠤ ᠰᠤᠷᠭᠠᠭᠤᠯᠢ ᠪᠤᠯᠤᠨ᠎ᠠ᠃ 1946 ᠤᠨ ᠳᠤ ᠤᠯᠠᠭᠠᠨᠬᠦᠦ ᠨᠦᠬᠦᠷ ᠭᠠᠷ ᠪᠡᠶ᠎ᠡ ᠪᠡᠷ ᠴᠤᠬᠴᠠᠯᠠᠨ ᠪᠠᠶᠢᠭᠤᠯᠤᠬᠰᠠᠨ ᠪᠠ ᠵᠠᠬᠢᠷᠤᠯ ᠤᠨ ᠲᠤᠰᠢᠶᠠᠯ ᠢ ᠬᠠᠪᠰᠤᠷᠭᠠᠨ ᠬᠠᠷᠢᠭᠤᠴᠠᠵᠦ ᠪᠠᠶᠢᠵᠠᠢ᠃ ᠡᠨᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠦᠷ ᠮᠣᠩᠭᠣᠯ ᠳᠤ ᠪᠠᠶᠢᠭᠤᠯᠤᠭᠰᠠᠨ ᠬᠠᠮᠤᠭ ᠤᠨ ᠠᠨᠭᠬᠠᠨ ᠤ ᠦᠨᠳᠤᠰᠤᠲᠠᠨ ᠤ ᠰᠣᠷᠭᠠᠭᠤᠯᠢ ᠪᠣᠯᠬᠤ ᠪᠦᠭᠡᠳ ᠳᠤᠮᠳᠠᠳᠤ ᠤᠯᠤᠰ ᠤᠨ ᠬᠤᠪᠢᠰᠬᠠᠯ ᠤᠨ ᠭᠤᠯᠤᠮᠳᠠ᠂ ᠦᠢ ᠲᠦᠮᠡᠨ ᠮᠤᠨᠭᠭᠤᠯ ᠦᠨᠳᠦᠰᠤᠲᠡᠨ ᠤ ᠬᠤᠪᠢᠰᠬᠠᠯᠴᠢᠳ ᠤᠨ ᠬᠦᠮᠦᠵᠢᠭᠳᠡᠭᠰᠡᠨ ᠠᠷᠢᠭᠤᠨ ᠦᠯᠦᠭᠡᠢ ᠮᠦᠨ᠃ ᠪᠠᠶᠢᠭᠤᠯᠤᠬᠳᠠᠬᠰᠠᠨ ᠤ ᠪᠠᠨ ᠭᠤᠷᠪᠠᠨ ᠵᠢᠯ ᠤᠨ ᠲᠠᠷᠠᠭ᠎ᠠ ᠳᠠᠷᠤᠢ1949 ᠤᠨ ᠤ 8 ᠰᠠᠷ᠎ ᠠ ᠳᠤ ᠦᠪᠦᠷ ᠮᠤᠨᠭᠭᠤᠯ ᠤᠨ ᠨᠠᠮ ᠤᠨ ᠬᠤᠷᠢᠶᠠᠨ ᠤ ᠵᠢᠭᠠᠪᠤᠷᠢ ᠶᠤᠰᠤᠭᠠᠷ ᠮᠤᠨᠭᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠪᠤᠯᠤᠨ ᠦᠭᠡᠷᠡᠴᠢᠯᠡᠭᠳᠡᠵᠦ 1978 ᠤᠨ ᠳᠤ ᠤᠳᠤ ᠶᠢᠨ ᠨᠡᠶ᠎ᠡ ᠪᠡᠷ ᠨᠡᠷᠡᠶᠢᠳᠦᠭᠳᠡᠭᠰᠡᠨ ᠪᠠᠶᠢᠨ᠎ᠠ᠃

    ᠦᠨᠳᠦᠰᠦᠲᠡᠨ ᠤ ᠰᠤᠷᠭᠠᠨ ᠬᠦᠮᠦᠵᠢᠯ ᠳᠤ ᠬᠦᠴᠦᠨ ᠵᠢᠳᠬᠦᠵᠦ ᠦᠯᠡᠮᠵᠢ ᠨᠡᠮᠡᠷᠢ ᠤᠷᠤᠭᠤᠯᠵᠦ ᠶᠠᠪᠤᠭ᠎ᠠ ᠤᠯᠠᠭᠠᠨᠬᠠᠳᠠ ᠳᠡᠬᠢ ᠮᠤᠨᠭᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠨᠢ ᠤᠳᠤ 62000 ᠺᠦᠧᠠᠳ᠋ ᠮᠧᠲ᠋ᠷ ᠤᠨ ᠲᠡᠨᠢᠬᠦᠨ ᠲᠣᠬᠢᠯᠢᠭ ᠰᠤᠷᠭᠠᠭᠤᠯᠢ ᠶᠢᠨ ᠬᠦᠷᠢᠶ᠎ᠡ ᠲᠠᠢ᠂ ᠤᠳᠤᠬᠢᠴᠢᠯᠠᠭᠰᠠᠨ ᠤᠶᠤᠯᠢᠭ ᠲᠤᠨᠤᠭ ᠲᠦᠭᠦᠭᠡᠷᠦᠮᠵᠢ ᠲᠠᠢ᠂ ᠪᠠᠬᠰᠢ ᠠᠵᠢᠯᠲᠠᠨ ᠤ ᠡᠨᠭᠨᠡᠭᠡ ᠪᠠᠨ ᠰᠢᠯᠢᠳᠡᠭᠵᠢᠭᠦᠯᠵᠦ᠂ ᠰᠤᠳᠤᠨ ᠦᠷᠡᠰ ᠢ ᠲᠤᠭ᠎᠎ᠠ ᠦᠭᠡᠢ ᠬᠦᠮᠦᠵᠢᠭᠦᠯᠦᠭᠰᠡᠨ ᠢᠶᠡᠷ ᠢᠶᠡᠨ《ᠪᠦᠬᠦ ᠤᠯᠤᠰ ᠤᠨ ᠦᠨᠳᠤᠰᠤᠲᠠᠨ ᠤ ᠰᠤᠷᠭᠠᠨ ᠬᠦᠮᠦᠵᠢᠯ ᠤᠨ ᠲᠡᠷᠢᠭᠦᠨ ᠤ ᠨᠢᠬᠡᠴᠡ》᠂《ᠪᠦᠬᠦ ᠤᠷᠤᠨ ᠤ ᠦᠨᠳᠤᠰᠤᠲᠠᠨ ᠤ ᠪᠦᠯᠬᠦᠮᠳᠡᠯ ᠳᠠᠪᠰᠢᠯᠲᠠ ᠶᠢᠨ ᠵᠢᠱᠢᠶᠠᠴᠢ ᠨᠢᠭᠡᠴᠡ》᠂ ᠦᠪᠡᠷᠲᠡᠭᠡᠨ ᠵᠠᠰᠠᠬᠤ ᠤᠷᠤᠨ ᠤ ᠵᠡᠷᠭᠡᠯᠡᠯ ᠤᠨ 《ᠵᠢᠱᠢᠶ᠎ᠡ ᠦᠵᠡᠭᠦᠯᠬᠦ ᠡᠩ ᠤᠨ ᠳᠡᠭᠡᠳᠤ ᠳᠤᠮᠳᠠᠳᠤ ᠰᠣᠷᠭᠠᠭᠤᠯᠢ》᠂ ᠥᠪᠦᠷ ᠮᠣᠩᠭᠣᠯ ᠤᠨ ᠰᠤᠷᠭᠠᠨ ᠬᠦᠮᠦᠵᠢᠯ ᠤᠨ ᠲᠢᠩᠬᠢᠮ ᠤᠨ《ᠭᠤᠷᠪᠠᠨ ᠬᠡᠯᠡᠨ ᠤ ᠲᠤᠷᠰᠢᠯᠲᠠ ᠶᠢᠨ ᠠᠩᠬᠢ ᠶᠢᠨ ᠬᠠᠮᠤᠬ ᠤᠨ ᠠᠩᠬᠠᠨ ᠤ ᠲᠤᠷᠰᠢᠯᠲᠠ ᠶᠢᠨ ᠴᠡᠭ ᠰᠣᠷᠭᠠᠭᠤᠯᠢ》ᠵᠡᠷᠭᠡ ᠢᠷᠠᠭᠤ ᠠᠯᠳᠠᠷ ᠢᠶᠡᠷ ᠴᠤᠯᠯᠠᠬᠳᠠᠵᠦ᠂ ᠤᠢ ᠶᠢᠨ ᠪᠠᠶᠠᠷ ᠢᠶᠡᠨ ᠠᠮᠵᠢᠯᠲᠠ ᠲᠡᠭᠦᠰ ᠤᠬᠲᠤᠵᠦ ᠪᠤᠢ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119514250