蒙古文网站Logo
ᠰᠢᠨᠬᠤᠸᠠ ᠮᠤᠩᠭ᠋ᠤᠯ ᠨᠧᠲ

ᠪᠠᠭᠠᠲᠤᠷ ᠤᠯᠤᠰ ᠳᠠᠶᠠᠭᠠᠷ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠠᠯ ᠬᠦᠷᠭᠡᠯ᠎ᠠ

2016-09-07 12:18

    32 ᠡᠭᠡᠯᠵᠢ ᠶᠢᠨ ᠪᠠᠭᠰᠢ ᠶᠢᠨ ᠪᠠᠶᠠᠷ  ᠲᠤᠬᠢᠶᠠᠬᠤ ᠪᠡᠷ 9 ᠰᠠᠷ ᠠ ᠶᠢᠨ 5 ᠤ ᠡᠳᠦᠷ ᠤᠨ ᠦᠳᠡ ᠶᠢᠨ ᠡᠮᠦᠨ᠎ᠡ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠪᠠᠭᠠᠳᠤᠷ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠬᠠᠷᠢᠶᠠᠲᠤ ᠳᠤᠮᠳᠠᠲᠤ ᠰᠤᠷᠭᠠᠭᠤᠯᠢ ᠳᠦ ᠬᠦᠷᠴᠦ ᠡᠯ᠎ᠠ ᠦᠨᠳᠦᠰᠦᠲᠡᠨ ᠤ ᠪᠠᠭᠰᠢ ᠰᠤᠷᠤᠭᠴᠢᠳ ᠲᠤ ᠮᠡᠨᠲᠦᠴᠢᠯᠡᠯ ᠬᠦᠷᠭᠡᠪᠡ᠃

    ᠪᠠᠶᠠᠷ ᠤᠨ ᠡᠳᠦᠷ ᠤᠨ ᠠᠭᠤᠷ ᠠᠮᠢᠰᠬᠤᠯ ᠢᠶᠡᠷ ᠪᠢᠯᠬᠠᠭᠰᠠᠨ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠬᠠᠷᠢᠶᠠᠲᠤ ᠳᠤᠮᠳᠠᠲᠤ ᠰᠤᠷᠭᠠᠭᠤᠯᠢ ᠳ᠋ᠤ 56 ᠦᠨᠳᠦᠰᠦᠲᠡᠨ ᠤ ᠲ᠋ᠤᠲ᠋ᠸᠮ ᠪᠦᠬᠦᠢ ᠬᠠᠨ᠎ᠠ ᠶᠢᠨ ᠡᠮᠦᠨ᠎ᠡ ᠪᠠᠭᠠᠲᠤᠷ ᠡᠯ᠎ᠠ ᠦᠨᠳᠦᠰᠦᠲᠡᠨ ᠤ ᠪᠠᠭᠰᠢ ᠰᠤᠷᠤᠭᠴᠢᠳ ᠲᠠᠢ ᠳᠤᠲᠤᠨᠤᠰᠤᠭ ᠢᠶᠡᠷ ᠠᠭᠤᠯᠵᠠᠵᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠨᠡᠷ᠎ᠡ ᠶᠢᠨ ᠡᠮᠦᠨ᠎ᠡ ᠡᠴᠡ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠬᠠᠷᠢᠶᠠᠲᠤ ᠳᠤᠮᠳᠠᠲᠤ ᠰᠤᠷᠭᠠᠭᠤᠯᠢ ᠶᠢᠨ ᠪᠦᠬᠦ ᠪᠠᠭᠰᠢ ᠰᠤᠷᠤᠭᠴᠢ ᠲᠡᠷᠡᠴᠢᠯᠡᠨ ᠤᠯᠤᠰ ᠳᠠᠶᠠᠭᠠᠷ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯᠲᠠᠳ ᠲᠤ ᠪᠠᠭᠰᠢ ᠶᠢᠨ ᠪᠠᠶᠠᠷ ᠤᠨ ᠮᠨᠨᠳᠦᠴᠢᠯᠡᠯ ᠢ ᠤᠷᠢᠳᠴᠢᠯᠠᠨ ᠬᠦᠷᠭᠡᠪᠡ᠃

    ᠪᠠᠭᠠᠲᠤᠷ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠬᠠᠷᠢᠶᠠᠲᠤ ᠳᠤᠮᠳᠠᠲᠤ ᠰᠤᠷᠭᠠᠭᠤᠯᠢ ᠪᠤᠯ ᠦᠨᠢ ᠤᠳᠠᠭᠠᠨ ᠲᠠᠤᠬᠡ ᠲᠠᠢ᠂ ᠬᠤᠪᠢᠰᠬᠠᠯ ᠤᠨ ᠢᠷᠠᠭᠤ ᠤᠳᠤᠮ ᠲᠠᠢ᠂ ᠦᠭᠡᠷᠡᠴᠢᠯᠡᠯᠲᠡ ᠨᠡᠭᠡᠭᠡᠯᠲᠠ ᠵᠡᠷᠭᠡ ᠲᠡᠤᠬᠡᠲᠤ ᠡᠷᠢᠨ ᠳ᠋ᠤ ᠴᠦᠬᠡᠨ ᠲᠤᠭᠠᠲᠤ ᠦᠨᠳᠦᠰᠦᠲᠡᠨ ᠤ ᠰᠢᠯᠢᠳᠡᠭ ᠴᠢᠳᠠᠪᠤᠷᠢᠲᠠᠨ ᠢ ᠬᠦᠮᠦᠵᠢᠭᠦᠯᠦᠨ᠂ ᠠᠷᠠᠳ ᠲᠦᠮᠡᠨ ᠤ ᠴᠢᠯᠦᠭᠡᠯᠡᠯᠲᠡ᠂ ᠤᠯᠤᠰ ᠭᠡᠷ ᠤᠨ ᠬᠦᠭ᠍ᠵᠢᠨ ᠴᠡᠴᠡᠭᠯᠡᠯᠲᠡ᠂ ᠦᠨᠳᠦᠰᠦᠲᠡᠨ ᠤ ᠪᠦᠯᠬᠦᠮᠳᠡᠯ ᠲᠡᠪᠰᠢᠯᠲᠠ ᠳᠦ ᠬᠦᠴᠦᠨ ᠵᠢᠳᠬᠦᠯ ᠢᠶᠡᠨ ᠦᠵᠡᠭᠦᠯᠦᠭᠰᠡᠨ ᠪᠠᠶᠢᠳᠠᠭ᠃ 2013 ᠤᠨ ᠤ ᠰᠤᠷᠭᠠᠭᠤᠯᠢ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠳᠦ ᠶᠡᠷᠦᠩᠬᠡᠢ ᠱᠦᠵᠢ ᠰᠢ ᠵᠢᠨ ᠫᠢᠩ ᠪᠦᠬᠦ ᠪᠠᠭᠰᠢ ᠰᠤᠷᠤᠭᠴᠢᠳ ᠲᠤ ᠵᠡᠬᠢᠳᠡᠯ ᠢᠯᠡᠭᠡᠨ᠂ ᠶᠡᠷᠦᠩᠬᠡᠢ ᠰᠠᠶᠢᠳ ᠯᠢ ᠺᠸ ᠴᠢᠶᠠᠩ᠂ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠢᠥᠢ ᠵᠸᠩ ᠱᠸᠩ ᠵᠡᠷᠭᠡ ᠲᠦᠪ ᠤᠨ ᠤᠳᠤᠷᠢᠳᠤᠯᠭ᠎ᠠ ᠴᠢᠬᠤᠯᠠ ᠵᠢᠭᠠᠪᠤᠷᠢ ᠦᠭᠴᠦ ᠰᠤᠷᠭᠠᠭᠤᠯᠢ ᠡᠷᠬᠢᠯᠡᠭᠰᠡᠨ ᠪᠦᠲᠦᠮᠵᠢ ᠳᠦ ᠦᠨᠳᠦᠷ ᠦᠨᠡᠯᠡᠭᠡ ᠦᠭᠴᠤ᠂ ᠬᠦᠰᠡᠯ ᠨᠠᠶᠢᠳᠠᠯᠭ᠎ᠠ ᠲᠠᠯᠪᠢᠭᠰᠠᠨ ᠨᠢ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠲᠦ ᠵᠤᠷᠢᠭᠵᠢᠭᠤᠯᠤᠯ ᠪᠤᠯᠤᠭᠰᠠᠨ ᠶᠤᠮ᠃ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠬᠠᠷᠢᠶᠠᠲᠤ ᠳᠤᠮᠳᠠᠲᠤ ᠰᠤᠷᠭᠠᠭᠤᠯᠢ ᠶᠢᠨ ᠠᠮᠵᠢᠯᠲᠠ ᠪᠦᠲᠦᠮᠵᠢ ᠬᠡᠳᠦᠨ ᠦᠶ᠎ᠡ ᠶᠢᠨ ᠪᠠᠭᠰᠢ ᠠᠵᠢᠯᠲᠠᠨ ᠤ ᠤᠢᠢᠭ᠎ᠠ ᠦᠭᠡᠢ ᠴᠢᠷᠮᠠᠶᠢᠯᠠᠭ᠎ᠠ᠂ ᠴᠤᠴᠠᠯᠲᠠ ᠦᠭᠡᠢ ᠵᠢᠳᠭᠦᠯ ᠡᠴᠡ ᠢᠷᠡᠯᠲᠡ ᠲᠠᠢ᠂ ᠮᠦᠨ ᠴᠤ ᠡᠭᠡᠯᠵᠢ ᠪᠦᠷᠢ ᠶᠢᠨ ᠰᠤᠷᠭᠠᠭᠤᠯᠢ ᠶᠢᠨ ᠤᠳᠤᠷᠢᠳᠬᠤ ᠪᠠᠭ ᠤᠨ ᠪᠦᠯᠬᠦᠮᠲᠡᠨ ᠨᠢᠭᠡᠳᠴᠤ᠂ ᠠᠵᠢᠯ ᠦᠢᠯᠡᠰ ᠢᠶᠡᠨ ᠴᠤᠭᠴᠠᠯᠠᠨ ᠪᠠᠶᠢᠭᠤᠯᠤᠭᠰᠨ ᠤ ᠳ᠋ᠦᠩ ᠪᠤᠯᠤᠨ᠎ᠠ ᠭᠡᠵᠤ ᠢᠯᠡᠷᠬᠡᠶᠢᠯᠡᠵᠠᠢ᠃

    ᠪᠠᠭᠠᠲᠤᠷ ᠵᠢᠭᠠᠵᠤ ᠭᠠᠷᠭᠠᠬᠤ ᠳᠠᠭᠠᠨ᠂ ᠤᠳᠤᠬᠠᠨ ᠳᠦ ᠴᠢᠨᠡᠭᠡᠯᠢᠭ᠌ ᠨᠠᠶᠢᠭᠡᠮ ᠢ ᠪᠦᠬᠦ ᠲᠠᠯ᠎ᠠ ᠪᠡᠷ ᠪᠠᠶᠢᠭᠤᠯᠬᠤ ᠶᠢᠨ ᠰᠢᠢᠳᠪᠦᠷᠢᠯᠡᠬᠦ ᠱᠠᠲᠤᠨ ᠳᠦ ᠤᠷᠤᠭᠠᠳ ᠪᠤᠢ᠃ ᠦᠨᠳᠦᠰᠦᠲᠡᠨ ᠤ ᠠᠵᠢᠯ ᠤᠨ ᠲᠠᠯ᠎ᠠ ᠪᠡᠷ ᠶᠡᠷᠦᠩᠬᠡᠢ ᠱᠦᠵᠢ ᠰᠢ ᠵᠢᠨ ᠫᠢᠩ ᠤᠨ ᠳᠤᠷᠠᠳᠤᠭᠰᠠᠨ 《ᠦᠨᠳᠦᠰᠦᠲᠡᠨ ᠨᠤᠭᠦᠳ ᠨᠢᠭᠡ ᠭᠡᠷ ᠮᠡᠲᠤ ᠡᠶ᠎ᠡ ᠨᠠᠶᠢᠷᠲᠠᠢ᠂ ᠰᠡᠳᠬᠢᠯ ᠨᠢᠭᠡᠳᠦᠨ ᠬᠠᠮᠲᠤ ᠪᠡᠷ ᠴᠢᠷᠮᠠᠶᠢᠵᠤ ᠳᠤᠮᠳᠠᠳᠤ ᠶᠢᠨ ᠮᠦᠷᠦᠭᠡᠳᠦᠯ ᠢᠶᠡᠨ ᠪᠠᠶᠡᠯᠡᠭᠦᠯᠬᠦ》ᠬᠠᠷᠠᠯᠲᠠ ᠶᠢᠨ ᠲᠠᠭᠠᠦ ᠴᠢᠷᠮᠠᠶᠢᠬᠤ ᠬᠡᠷᠡᠭᠲᠠᠢ᠃ ᠲᠠ ᠪᠦᠬᠦᠨ ᠤᠭ ᠰᠠᠨᠠᠭ᠎ᠠ ᠪᠡᠨ ᠮᠠᠷᠲᠠᠯ ᠦᠭᠡᠢ ᠪᠦᠯᠬᠦᠮᠳᠡᠨ ᠲᠡᠮᠡᠴᠡᠵᠡᠭᠡᠵᠤ᠂ ᠶᠤᠰᠤᠨ ᠢᠶᠡᠷ ᠬᠦᠮᠦᠵᠢᠭᠦᠯᠬᠦ᠂ ᠮᠡᠳᠡᠯᠭᠡ ᠪᠡᠷ ᠬᠦᠮᠦᠵᠢᠭᠦᠯᠬᠦ ᠳᠠᠷᠬᠠᠨ ᠡᠭᠦᠷᠭᠡ ᠪᠡᠨ ᠬᠦᠢᠴᠡᠳᠭᠡᠨ᠂ ᠦᠨᠳᠦᠰᠦᠲᠡᠨ ᠤ ᠤᠷᠤᠨ ᠤᠨᠴᠠᠭᠠᠶᠢᠯᠠᠨ ᠮᠠᠯᠵᠢᠬᠤ ᠲᠠᠷᠢᠶᠠᠯᠠᠬᠤ ᠤᠷᠤᠨ ᠡᠴᠡ ᠢᠷᠡᠭᠰᠡᠨ ᠴᠦᠬᠡᠨ ᠲᠤᠭᠠᠲᠤ ᠦᠨᠳᠦᠰᠦᠲᠡᠨ ᠤ ᠰᠤᠷᠤᠭᠴᠢᠳ ᠲᠦ ᠰᠢᠯᠢᠳᠡᠭ ᠰᠤᠷᠭᠠᠨ ᠬᠦᠮᠦᠵᠢᠯ ᠬᠦᠷᠲᠡᠭᠡᠨ᠂ ᠨᠠᠮ ᠪᠠ ᠤᠯᠤᠰ ᠭᠡᠷ ᠲᠦ 《ᠠᠭᠤᠤ ᠶᠡᠭᠡ ᠡᠬᠡ ᠤᠯᠤᠰ᠂ ᠦᠵᠡᠰᠭᠦᠯᠡᠩᠲᠤ ᠰᠠᠶᠢᠬᠠᠨ ᠤᠰᠤ ᠨᠤᠲᠤᠭ》 ᠢᠶᠡᠨ ᠪᠠᠶᠢᠭᠤᠯᠬᠤ ᠲᠤᠯᠭᠠᠭᠤᠷᠢ ᠬᠦᠴᠦᠨ ᠬᠦᠮᠦᠵᠢᠭᠦᠯᠦᠨ ᠦᠭ᠍ᠬᠦ ᠶᠢ ᠬᠦᠰᠡᠶ᠎ᠠ ᠭᠡᠪᠡ᠃

    ᠪᠠᠭᠠᠲᠤᠷ᠂ ᠪᠦᠬᠦ ᠪᠠᠭᠰᠢ ᠠᠵᠢᠯᠲᠠᠨ ᠤᠨᠢᠨ ᠲᠡᠭᠡᠷ᠎ᠡ ᠨᠢ ᠵᠢᠭᠠᠨ ᠰᠤᠷᠭᠠᠬᠤ᠂ ᠠᠮᠢᠲᠤᠷᠠᠯ ᠤᠨ ᠬᠦᠴᠢᠷᠲᠡᠯ ᠪᠤᠶᠤ ᠬᠡᠯᠡ ᠶᠠᠷᠢᠶᠠᠨ ᠤ ᠰᠠᠭᠠᠳ ᠵᠡᠷᠭᠡ ᠨᠦᠬᠦᠴᠡᠯ ᠶᠢᠡᠷ ᠬᠢᠴᠢᠶᠡᠯ ᠤᠰᠤᠯᠳᠤᠬᠤ ᠰᠤᠷᠤᠭᠴᠢ ᠨᠢᠭᠡ ᠴᠤ ᠭᠠᠷᠭᠠᠯ ᠦᠭᠡᠢ ᠶᠢ ᠪᠠᠲᠤᠯᠠᠵᠤ ᠰᠤᠷᠭᠠᠭᠤᠯᠢ ᠪᠡᠨ ᠦᠨᠡᠨ ᠬᠦ 《ᠲᠦᠪᠰᠢᠨ ᠦᠨᠳᠦᠷ᠂ ᠤᠨᠴᠠᠯᠢᠭ ᠲᠤᠲᠤ᠂ ᠨᠦᠯᠦᠭᠡ ᠦᠷᠭᠡᠨ᠂ ᠦᠯᠢᠭᠡᠷ ᠵᠢᠱᠢᠶ᠎ᠠ》ᠪᠦᠬᠦᠢ ᠤᠯᠤᠰ ᠲᠠᠶᠠᠭᠠᠷ ᠤᠨ ᠴᠦᠭᠡᠨ ᠲᠤᠭᠠᠲᠤ ᠦᠨᠳᠦᠰᠦᠲᠡᠨ ᠤ ᠦᠨᠳᠦᠷ ᠳᠤᠮᠳᠠᠲᠤ ᠰᠤᠷᠭᠠᠭᠤᠯᠢ ᠪᠤᠯᠭᠠᠨ ᠪᠠᠶᠢᠭᠤᠯᠬᠤ ᠬᠡᠷᠡᠭᠲᠡᠢ ᠭᠡᠵᠡᠢ᠃ ᠤᠯᠠᠮᠵᠢᠯᠠᠯ ᠢᠶᠡᠨ ᠵᠠᠯᠭᠠᠮᠵᠢᠯᠠᠨ᠂ ᠤᠨᠴᠠᠯᠢᠭ ᠢᠶᠡᠨ ᠬᠠᠳᠠᠭᠠᠯᠠᠵᠤ᠂ ᠬᠠᠷᠢᠯᠴᠠᠨ ᠬᠦᠨᠳᠦᠳᠭᠡᠵᠤ᠂ ᠪᠠᠭᠲᠠᠭᠠᠨ ᠲᠠᠭᠠᠰᠢᠶᠠᠵᠤ᠂ ᠰᠤᠷᠤᠯᠴᠠᠨ ᠬᠠᠪᠰᠤᠷᠤᠯᠴᠠᠬᠤ ᠰᠠᠢᠢᠬᠠᠨ ᠠᠭᠤᠷ ᠠᠮᠢᠰᠬᠤᠯ ᠳᠦ ᠡᠯ ᠡ ᠦᠨᠳᠦᠰᠦᠲᠡᠨ ᠤ ᠰᠢᠯᠢᠳᠡᠭ ᠰᠤᠶᠤᠯ ᠢᠶᠡᠨ ᠤᠯᠠᠮᠵᠢᠯᠠᠨ ᠵᠠᠯᠭᠠᠮᠵᠢᠯᠠᠵᠤ᠂ ᠰᠢᠨᠡᠴᠢᠯᠡᠨ ᠬᠦᠭ᠍ᠵᠢᠭᠦᠯᠬᠦ ᠶᠢ ᠠᠬᠢᠭᠤᠯᠵᠤ᠂ ᠡᠯ᠎ᠠ ᠦᠨᠳᠦᠰᠦᠲᠡᠨ ᠤ ᠰᠤᠯᠢᠯᠴᠠᠭᠠᠨ ᠳᠦ ᠭᠦᠦᠷ ᠪᠤᠯᠬᠤ ᠪᠡᠷ ᠴᠢᠷᠮᠠᠶᠢᠪᠠᠯ ᠵᠤᠬᠢᠨ᠎ᠠ ᠭᠡᠵᠡᠢ᠃

    ᠪᠠᠭᠠᠲᠤᠷ ᠪᠠᠰᠠ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠬᠠᠷᠢᠶᠠᠲᠤ ᠳᠤᠮᠳᠠᠲᠤ ᠰᠤᠷᠭᠠᠭᠤᠯᠢ ᠶᠢᠨ ᠲᠡᠤᠬᠡ ᠶᠢᠨ ᠤᠷᠳᠤᠨ ᠢᠶᠡᠷ ᠲᠤᠭᠤᠷᠢᠨ ᠦᠵᠡᠪᠡ᠃ ᠡᠭᠦᠨ ᠤ ᠳᠠᠷᠠᠭ᠎ᠠ ᠪᠡᠷ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠬᠠᠷᠢᠶᠠᠲᠤ ᠬᠤᠷᠢᠶᠠᠯᠠᠯ ᠳᠦ ᠬᠦᠷᠴᠤ ᠠᠬᠠᠮᠠᠳ ᠪᠠᠭᠰᠢ ᠮᠸᠤ ᠵᠦᠩ ᠵᠢᠶᠡᠨ᠂ ᠵᠠᠩ ᠭᠦᠩ ᠴᠢᠨ ᠢ ᠡᠷᠬᠢᠨ ᠲᠤᠬᠤᠨᠢᠭᠤᠯᠪᠠ᠃ ᠦᠨᠳᠦᠰᠦᠲᠡᠨ ᠤ ᠰᠤᠷᠭᠠᠨ ᠬᠦᠮᠦᠵᠢᠭᠦᠯᠦᠯ ᠤᠨ ᠦᠢᠯᠡᠰ ᠲᠦ ᠬᠦᠴᠦᠨ ᠨᠡᠮᠡᠷᠢ ᠦᠵᠡᠭᠦᠯᠦᠭᠰᠡᠨ ᠬᠤᠶᠠᠷ ᠪᠠᠭᠰᠢᠲᠠᠨ ᠦᠳᠡᠯᠦᠭᠡ ᠨᠠᠰᠤ ᠪᠡᠨ ᠵᠤᠯ ᠵᠢᠷᠭᠠᠯᠲᠠᠢ ᠦᠩᠭᠡᠷᠡᠭᠦᠯᠬᠦ ᠶᠢ ᠬᠦᠰᠡᠶ᠎ᠠ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭ᠍ᠵᠢᠯᠲᠠ ᠳᠦ ᠰᠠᠨᠠᠯ ᠰᠠᠨᠠᠭᠤᠯᠭ᠎ᠠ ᠪᠡᠨ ᠪᠠᠢᠢᠩᠭ᠋ᠤ ᠦᠭᠴᠤ ᠪᠠᠶᠢᠬᠤ ᠶᠢ ᠨᠠᠶᠢᠳᠠᠶ᠎ᠠ ᠭᠡᠪᠡ᠃

    ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠲᠤᠰᠬᠠᠶ ᠭᠡᠰᠢᠭᠦᠨ᠂ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠡᠶᠡᠲᠡᠢ᠂ ᠤᠯᠤᠰ ᠤᠨ ᠦᠨᠳᠦᠰᠦᠲᠡᠨ ᠤᠨ ᠬᠡᠷᠡᠭ ᠡᠷᠬᠢᠯᠡᠬᠦ ᠵᠦᠪᠯᠡᠯ ᠤᠨ ᠠᠯᠪᠠᠨ ᠲᠢᠩᠬᠢᠮ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲ᠋ᠸᠭᠨ᠋᠋ᠤᠯᠤᠭᠢ ᠶᠢᠨ ᠵᠤᠷᠭᠠᠨ ᠵᠢᠴᠢ ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠮᠢᠶᠠᠲᠠᠢ ᠬᠦᠮᠦᠰ ᠠᠵᠢᠯᠯᠠᠭ᠎ᠠ ᠳᠦ ᠤᠷᠤᠯᠴᠠᠪᠠ᠃

ᠢᠷᠡᠯᠳᠡ᠄ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠠᠯ ᠤᠨ ᠠᠯᠪᠠᠨ ᠸᠢᠴᠠᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119525561