蒙古文网站Logo
ᠰᠢᠨᠬᠤᠸᠠ ᠮᠤᠩᠭ᠋ᠤᠯ ᠨᠧᠲ

ᠠᠰᠫᠢᠷᠠᠨᠲ ᠰᠢᠯᠭᠠᠭᠤᠯᠤᠭᠰᠠᠳ ᠢ 24 ᠳᠤ ᠤᠷᠢᠳᠴᠢᠯᠠᠨ ᠨᠡᠷ᠎ᠡ ᠪᠦᠷᠢᠳᠭᠡᠨ᠎ᠠ

2016-09-07 13:05

    9 ᠰᠠᠷ᠎ᠠ ᠶᠢᠨ 5 ᠤ ᠡᠳᠦᠷ᠂ ᠰᠤᠷᠭᠠᠨ ᠬᠦᠮᠦᠵᠢᠯ ᠤᠨ ᠶᠠᠮᠤᠨ 《2017 ᠤᠯᠤᠰ ᠳᠠᠶᠠᠭᠠᠷ ᠤᠨ ᠠᠰᠫᠢᠷᠠᠨᠲ ᠡᠯᠰᠡᠬᠦ ᠠᠵᠢᠯ ᠤᠨ ᠬᠠᠮᠢᠶᠠᠷᠤᠯᠲᠠ ᠶᠢᠨ ᠳᠦᠷᠢᠮ》 ᠢ ᠨᠡᠶᠢᠲᠡᠯᠡᠵᠤ᠂ ᠢᠷᠡᠬᠦ ᠵᠢᠯ ᠤᠨ ᠠᠰᠫᠢᠷᠠᠨᠲ  ᠰᠢᠯᠭᠠᠭᠤᠯᠤᠭᠰᠠᠳ 9 ᠰᠠᠷ᠎ᠠ ᠶᠢᠨ 24 ᠤ ᠡᠳᠦᠷ ᠡᠴᠡ ᠡᠬᠢᠯᠡᠨ ᠤᠷᠢᠳᠴᠢᠯᠠᠨ ᠨᠠᠷ᠎ᠠ ᠪᠡᠨ ᠪᠦᠷᠢᠳᠭᠡᠭᠦᠯᠵᠤ᠂ 12 ᠰᠠᠷ᠎ᠠ ᠶᠢᠨ 24 ᠤ ᠡᠳᠦᠷ ᠡᠴᠡ ᠡᠬᠢᠯᠡᠨ ᠪᠢᠷ ᠤᠨ ᠰᠢᠯᠭᠠᠯᠲᠠ ᠳᠤ ᠤᠷᠤᠯᠴᠠᠨ᠎ᠠ᠃ ᠢᠷᠡᠬᠦ ᠵᠢᠯ ᠤᠨ ᠠᠰᠫᠢᠷᠠᠨᠲ  ᠤᠨ ᠰᠢᠯᠭᠠᠯᠲᠠ ᠳᠦ ᠲᠤᠰᠠᠭᠠᠷ ᠰᠢᠯᠭᠠᠭᠤᠯᠤᠭᠰᠠᠳ ᠡᠯᠰᠡᠬᠦ ᠪᠠᠶᠢᠭᠤᠯᠤᠯᠭ᠎ᠠ ᠨᠢᠭᠡᠴᠡ ᠡᠴᠡ ᠲᠤᠰᠠᠭᠠᠷ ᠡᠯᠰᠡᠬᠦ ᠬᠦᠷᠢᠶ᠎ᠠ ᠬᠡᠪᠴᠢᠶ᠎ᠡ ᠶᠢ ᠠᠵᠢᠯ ᠤᠨ ᠪᠠᠶᠢᠭᠤᠯᠭ᠎ᠠ᠂ ᠠᠵᠢᠯ ᠲᠦᠷᠦᠯ᠂ ᠪᠦᠰᠡ ᠨᠤᠲᠤᠭ ᠶᠢᠡᠷ ᠬᠢᠵᠠᠭᠠᠷᠯᠠᠵᠤ ᠪᠤᠯᠬᠤ ᠦᠭᠡᠢ᠂ ᠮᠦᠨᠴᠤ ᠪᠤᠰᠤᠳ ᠭᠠᠳᠠᠭᠤᠷᠴᠢᠯᠠᠭ᠎ᠠ ᠶᠢᠨ ᠴᠢᠨᠠᠷᠲᠠᠢ ᠨᠦᠬᠦᠴᠡᠯ ᠲᠤᠬᠢᠷᠠᠭᠤᠯᠵᠤ ᠪᠤᠯᠬᠤ ᠦᠭᠡᠢ ᠬᠡᠵᠡᠢ᠃

    ᠠᠰᠫᠢᠷᠠᠨᠲ ᠰᠢᠯᠭᠠᠭᠤᠯᠤᠭᠰᠠᠳ ᠨᠸᠲ ᠶᠢᠡᠷ ᠨᠡᠷ᠎ᠡ ᠪᠡᠨ ᠪᠦᠷᠢᠳᠭᠡᠭᠦᠯᠬᠦ ᠪᠤᠯᠤᠨ ᠭᠠᠵᠠᠷ ᠳᠡᠬᠡᠷ᠎ᠡ ᠨᠢ ᠬᠦᠷᠴᠤ ᠨᠤᠲᠠᠯᠠᠬᠤ ᠬᠤᠶᠠᠷ ᠠᠯᠬᠤᠮ ᠢᠶᠡᠷ ᠶᠠᠪᠤᠭᠳᠠᠭᠤᠯᠤᠨ᠎ᠠ᠃ ᠠᠰᠫᠢᠷᠠᠨᠲ ᠤᠨ ᠰᠢᠯᠭᠠᠯᠲᠠ ᠳᠦ ᠤᠷᠤᠯᠴᠠᠬᠤ ᠪᠦᠬᠦᠶᠢᠯᠠ ᠰᠢᠯᠭᠠᠭᠤᠯᠤᠭᠰᠠᠳ ᠡᠷᠬᠡᠪᠰᠢ ᠨᠸᠲ ᠶᠢᠡᠷ ᠨᠡᠷ᠎ᠡ ᠪᠡᠨ ᠪᠦᠷᠢᠳᠭᠡᠭᠦᠯᠦᠭᠰᠡᠨ ᠪ ᠳᠠᠷᠠᠭ᠎ᠠ ᠰᠢᠯᠠᠭᠠᠯᠲᠠ ᠳᠦ ᠪᠦᠷᠢᠳᠭᠡᠭᠦᠯᠬᠦ ᠭᠠᠵᠠᠷ ᠬᠦᠷᠴᠤ᠂ ᠨᠸᠲ ᠢᠶᠡᠷ ᠪᠦᠷᠢᠳᠭᠡᠭᠦᠯᠦᠭᠰᠡᠨ ᠰᠤᠷᠠᠭ ᠵᠠᠩᠭᠢ᠂ ᠲᠦᠯᠦᠪᠦᠷᠢ ᠮᠦᠩᠭᠦ᠂ ᠴᠡᠭᠡᠵᠢ ᠵᠢᠷᠤᠭ ᠠᠪᠬᠤᠭᠤᠯᠬᠤ ᠵᠡᠷᠭᠡ ᠬᠠᠮᠢᠶ᠎ᠠ ᠪᠦᠬᠦᠢ ᠴᠠᠬᠢᠮ ᠰᠤᠷᠠᠭ ᠵᠠᠩᠭᠢ ᠪᠡᠨ ᠨᠤᠲᠠᠯᠠᠨ᠎ᠠ᠃

    9 ᠰᠠᠷ᠎ᠠ ᠶᠢᠨ 24 ᠡᠴᠡ 9 ᠰᠠᠷ᠎ᠠ ᠶᠢᠨ 27 ᠤ ᠡᠳᠦᠷ ᠪᠤᠯᠲᠠᠯ᠎ᠠ ᠡᠳᠦᠷ ᠪᠦᠷᠢ 9 ᠴᠠᠭ ᠡᠴᠡ 22 ᠴᠠᠭ ᠤᠨ ᠬᠤᠭᠤᠷᠤᠨᠲᠤ ᠨᠸᠲ ᠢᠶᠡᠷ ᠤᠷᠢᠳᠴᠢᠯᠠᠨ ᠨᠠᠷ᠎ᠠ ᠪᠡᠨ ᠪᠦᠷᠢᠳᠭᠡᠭᠦᠯᠵᠤ ᠪᠤᠯᠤᠨ᠎ᠠ᠂ 10 ᠰᠠᠷ᠎ᠠ ᠶᠢᠨ 10 ᠤ ᠡᠳᠦᠷ ᠡᠴᠡ 10 ᠰᠠᠷ᠎ᠠ ᠶᠢᠨ 31 ᠤ ᠡᠳᠦᠷ ᠪᠤᠯᠲᠠᠯ᠎ᠠ ᠡᠳᠦᠷ ᠪᠦᠷᠢ ᠶᠢᠨ 9 ᠴᠠᠭ ᠡᠴᠡ 22 ᠴᠠᠭ ᠤᠨ ᠬᠤᠭᠤᠷᠤᠨᠲᠤ ᠨᠸᠲ ᠢᠶᠡᠷ ᠨᠡᠷ᠎ᠡ ᠪᠡᠨ ᠪᠦᠷᠢᠳᠭᠡᠭᠦᠯᠦᠨ᠎ᠠ᠂ ᠬᠤᠭᠤᠴᠠᠭ᠎ᠠ ᠬᠡᠲᠤᠷᠠᠪᠠᠯ ᠨᠦᠬᠦᠬᠦ ᠦᠭᠡᠢ᠂ ᠰᠤᠷᠠᠭ ᠵᠠᠩᠭᠢ ᠪᠡᠨ ᠵᠠᠰᠠᠪᠤᠷᠢᠯᠠᠵᠤ ᠪᠤᠯᠬᠤ ᠦᠭᠡᠢ᠃ 2017 ᠤᠨ ᠤ ᠪᠢᠷ ᠤᠨ ᠰᠢᠯᠭᠠᠯᠲᠠ ᠨᠢ 12 ᠰᠠᠷ᠎ᠠ ᠶᠢᠨ 24 ᠤ ᠡᠳᠦᠷ ᠡᠴᠡ 25 ᠤ ᠡᠳᠦᠷ ᠪᠤᠯᠲᠠᠯ᠎ᠠ ᠶᠠᠪᠤᠬᠳᠠᠵᠤ᠂ 3 ᠴᠠᠭ ᠭᠠᠷᠤᠢ ᠶᠢᠨ ᠤᠷᠲᠤ ᠰᠢᠯᠭᠠᠯᠲᠠ ᠶᠢ 12 ᠰᠠᠷ᠎ᠠ ᠶᠢᠨ 26 ᠤ ᠡᠳᠦᠷ ᠰᠢᠯᠭᠠᠨ᠎ᠠ᠃ ᠲᠤᠭᠲᠠᠭᠠᠭᠰᠠᠨ ᠡᠳᠦᠷ ᠲᠦ ᠰᠢᠯᠭᠠᠯᠲᠠ ᠳᠦ ᠤᠷᠤᠯᠴᠠᠭᠰᠠᠨ ᠦᠭᠡᠢ ᠰᠢᠯᠭᠠᠭᠤᠯᠤᠭᠰᠠᠳ ᠢ ᠤᠯᠤᠰ ᠡᠴᠡ ᠮᠡᠳᠡᠷᠡᠬᠦ ᠦᠭᠡᠢ᠃ (ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119525628