蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ 70 ᠪᠠᠭᠰᠢ ᠰᠢᠯᠢᠲᠡᠭ ᠠᠵᠢᠯᠲᠠᠨ ᠤ ᠢᠷᠠᠭᠤ ᠠᠯᠲᠠᠷ ᠬᠦᠷᠲᠡᠪᠡ

2016-09-12 17:29

    9 ᠰᠠᠷ᠎ᠠ ᠶᠢᠨ 10 ᠤ ᠡᠲᠦᠷ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠢᠢᠭᠡᠮ ᠤᠨ ᠪᠠᠲᠤᠯᠠᠭᠠᠨ ᠤ ᠲᠢᠩᠬᠢᠮ ᠡᠴᠡ ᠪᠦᠬᠦ ᠤᠷᠤᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠯᠢᠲᠡᠭ ᠪᠠᠭᠰᠢ ᠶᠢ ᠬᠦᠬᠢᠬᠦᠯᠦᠨ ᠱᠠᠩᠨᠠᠬᠤ ᠲᠤᠬᠠᠢ ᠰᠢᠢᠳᠪᠦᠷᠢ ᠭᠠᠷᠭᠠᠵᠤ᠂ ᠰᠢᠦᠢ ᠰᠢᠶᠦ᠋ᠩ ᠵᠢᠶᠸ ᠵᠡᠷᠭᠡ 40 ᠪᠠᠭᠰᠢ ᠳ᠋ᠤ ᠪᠦᠬᠦ ᠤᠷᠤᠨ ᠤ ᠠᠵᠢᠯ ᠮᠡᠷᠭᠡᠵᠢᠯ ᠤᠨ ᠰᠤᠷᠭᠠᠭᠤᠯᠢ ᠶᠢᠨ 《ᠰᠢᠯᠢᠲᠡᠭ ᠪᠠᠭᠰᠢ》 ᠶᠢᠨ ᠢᠷᠠᠭᠤ ᠠᠯᠲᠠᠷ ᠬᠦᠷᠲᠡᠭᠡᠵᠦ᠂ ᠰᠦᠨ ᠯᠢ ᠵᠢᠶᠤᠸᠠᠨ ᠵᠡᠷᠭᠡ 30 ᠪᠠᠭᠰᠢ ᠳ᠋ᠤ ᠪᠦᠬᠦ ᠤᠷᠤᠨ ᠤ 《ᠠᠵᠢᠯ ᠮᠡᠷᠭᠡᠵᠢᠯ ᠤᠨ ᠰᠢᠯᠢᠲᠡᠭ ᠰᠤᠷᠭᠠᠨ ᠬᠦᠮᠦᠵᠢᠯ ᠤᠨ ᠠᠵᠢᠯᠲᠠᠨ》 ᠤ ᠴᠤᠯᠠ ᠤᠯᠭᠤᠪᠠ᠃

    ᠲᠤᠬᠠᠢ ᠶᠢᠨ ᠡᠲᠦᠷ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠡᠬᠢ ᠪᠠᠶᠠᠯᠢᠭ ᠪᠠ ᠨᠡᠢᠢᠭᠡᠮ ᠤᠨ ᠪᠠᠲᠤᠯᠠᠭᠠᠨ ᠤ ᠲᠢᠩᠬᠢᠮ ᠡᠴᠡ ᠪᠦᠬᠦ ᠤᠷᠤᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠪᠠᠭᠰᠢ ᠨᠠᠷ ᠲᠤ ᠲᠤᠬᠤᠨᠢᠭᠤᠯᠭ᠎ᠠ ᠶᠢᠨ ᠵᠠᠬᠢᠲᠠᠯ ᠢᠯᠡᠭᠡᠪᠡ᠃ ᠵᠠᠬᠢᠲᠠᠯ ᠳ᠋ᠤ᠂ ᠪᠦᠬᠦ ᠤᠷᠤᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠲᠡᠭᠡᠳᠦ ᠬᠡᠮᠵᠢᠶ᠎ᠠ ᠪᠡᠷ ᠴᠢᠬᠤᠯᠠᠴᠢᠯᠠᠨ ᠦᠵᠡᠵᠦ ᠬᠠᠮᠢᠶ᠎ᠠ ᠲᠠᠢ ᠰᠠᠯᠠᠭ᠎ᠠ ᠮᠦᠴᠢᠷ ᠤᠨ ᠲᠡᠮᠵᠢᠯᠭᠡ ᠪᠡᠷ ᠮᠠᠨ ᠤ ᠤᠷᠤᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠢᠯᠡᠰ ᠲᠠᠰᠤᠷᠠᠯᠲᠠ ᠦᠭᠡᠢ ᠬᠦᠭ᠍ᠵᠢᠵᠦ᠂ 2010 ᠤᠨ ᠳ᠋ᠤ 34 ᠰᠤᠷᠭᠠᠭᠤᠯᠢ ᠪᠠᠢᠢᠭᠰᠠᠨ ᠡᠴᠡ ᠤᠲᠤ 60 ᠰᠤᠷᠭᠠᠭᠤᠯᠢ ᠪᠤᠯᠤᠨ ᠨᠡᠮᠡᠭᠲᠡᠨ᠂ ᠠᠷᠠᠳ ᠡᠴᠡ ᠡᠷᠬᠢᠯᠡᠭᠰᠡᠨ ᠰᠤᠷᠭᠠᠯᠲᠠ ᠶᠢᠨ ᠰᠠᠯᠠᠭ᠎ᠠ ᠮᠦᠴᠢᠷ 2010 ᠤᠨ ᠳ᠋ᠤ 282 ᠪᠠᠢᠢᠭᠰᠠᠨ ᠡᠴᠡ ᠪᠠᠨ ᠤᠲᠤᠬᠠᠨ ᠤ 399 ᠪᠤᠯᠤᠨ ᠨᠡᠮᠡᠭᠲᠡᠪᠡ᠃ ᠠᠵᠢᠯ ᠮᠡᠷᠭᠡᠵᠢᠯ ᠤᠨ ᠰᠤᠷᠭᠠᠭᠤᠯᠢ ᠪᠤᠯ ᠴᠢᠲᠠᠪᠤᠷᠢᠲᠠᠨ ᠬᠦᠮᠦᠵᠢᠬᠦᠯᠬᠦ ᠭᠤᠤᠯ ᠲᠠᠪᠴᠠᠩ ᠪᠠᠢᠢᠵᠤ᠂ ᠮᠠᠨ ᠤ ᠤᠷᠤᠨ ᠤ ᠨᠡᠢᠢᠭᠡᠮ ᠡᠳ᠋ ᠤᠨ ᠵᠠᠰᠠᠭ ᠤᠨ ᠬᠦᠭ᠍ᠵᠢᠯᠲᠠ ᠪᠠ ᠠᠲᠠᠯ ᠦᠢᠯᠡᠰ ᠪᠤᠰᠬᠠᠬᠤ ᠳ᠋ᠤ ᠴᠢᠲᠠᠪᠤᠷᠢᠲᠠᠨ ᠤ ᠪᠠᠲᠤᠯᠠᠭ᠎ᠠ ᠬᠠᠩᠭ᠋ᠠᠪᠠ᠃

ᠢᠷᠡᠯᠳᠡ᠄ ᠤᠮᠠᠷᠠᠲᠤ ᠶᠢᠨ ᠰᠢᠨ᠎ᠡ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119553854