蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠶᠡᠬᠡ ᠳᠡᠭᠡᠲᠤ ᠰᠤᠷᠭᠠᠭᠤᠯᠢ ᠲᠡᠭᠦᠰᠦᠭᠰᠡᠨ ᠤᠶᠤᠲᠠᠳ ᠲᠦ ᠠᠵᠢᠯ ᠤᠨ ᠪᠠᠶᠢᠷᠢ ᠬᠠᠩ᠋ᠭᠠᠬᠤ ᠤᠶᠢᠯᠠᠴᠢᠯᠡᠭᠡ ᠶᠢᠨ ᠰᠠᠷ᠎ᠠ ᠶᠢᠨ ᠠᠵᠢᠯᠯᠠᠭ᠎ᠠ ᠡᠬᠢᠯᠡᠭᠦᠯᠪᠡ

2016-09-12 17:55

    ᠰᠢᠨᠬᠤᠧᠠ ᠬᠤᠷᠢᠶ᠎ᠠ ᠬᠦᠬᠡᠬᠤᠲᠠ ᠶᠢᠨ 9 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠯᠢ ᠶᠦᠨ ᠫᠢᠩ) ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠶᠡᠭᠡ ᠲᠡᠭᠡᠲᠤ ᠰᠤᠷᠭᠠᠭᠤᠯᠢ ᠲᠡᠭᠦᠰᠦᠭᠰᠡᠨ ᠤᠶᠤᠲᠠᠳ ᠲᠦ ᠠᠵᠢᠯ ᠤᠨ ᠪᠠᠶᠢᠷᠢ ᠬᠠᠩ᠋ᠭᠠᠬᠤ ᠦᠢᠯᠡᠴᠢᠯᠡᠭᠡ ᠶᠢᠨ ᠰᠠᠷ᠎ᠠ ᠶᠢᠨ ᠠᠵᠢᠯᠯᠠᠭ᠎ᠠ 10 ᠤ ᠡᠳᠦᠷ ᠡᠴᠡ ᠡᠬᠢᠯᠡᠵᠤ᠂ ᠲᠤᠮᠤ ᠬᠡᠯᠪᠡᠷᠢ ᠶᠢᠨ ᠴᠢᠳᠠᠪᠤᠷᠢᠲᠠᠨ ᠤ ᠰᠤᠯᠢᠯᠴᠠᠬᠤ ᠬᠤᠷᠠᠯ ᠵᠡᠷᠭᠡᠪᠡᠷ ᠵᠤᠬᠢᠶᠠᠨ ᠪᠠᠶᠢᠭᠤᠯᠤᠭᠳᠠᠨ᠂ ᠲᠡᠭᠦᠰᠦᠭᠡᠳ ᠠᠵᠢᠯ ᠤᠯᠤᠭᠠᠳᠤᠢ ᠤᠶᠤᠲᠠᠳ ᠲᠦ ᠠᠵᠢᠯ ᠤᠨ ᠪᠠᠶᠢᠷᠢ ᠬᠠᠩ᠋ᠭᠠᠬᠤ ᠲᠠᠯ᠎ᠠ ᠪᠡᠷ ᠴᠢᠬᠤᠯᠠ ᠳᠡᠮᠵᠢᠯᠭᠡ ᠦᠵᠡᠭᠦᠯᠦᠨ᠎ᠡ᠃

    ᠤᠢᠢᠯᠠᠭᠠᠬᠰᠠᠨ ᠢᠶᠡᠷ᠂ ᠦᠪᠦᠷ ᠮᠣᠩᠭᠣᠯ 《ᠢᠨᠲ᠋ᠧᠷᠨ᠋᠋ᠧᠲ + ᠠᠵᠢᠯ ᠤᠨ ᠪᠠᠶᠢᠷᠢ ᠬᠠᠩ᠋ᠭᠠᠬᠤ ᠦᠢᠯᠡᠴᠢᠯᠡᠭᠡ》 ᠶᠢᠨ ᠴᠢᠳᠠᠪᠤᠷᠢᠲᠠᠨ ᠰᠤᠯᠢᠯᠴᠠᠬᠤ ᠰᠢᠨ᠎ᠠ ᠬᠡᠪ ᠵᠠᠭᠪᠤᠷ ᠢ ᠳᠡᠯᠭᠡᠷᠡᠭᠦᠯᠵᠤ᠂ ᠭᠠᠵᠠᠷ ᠳᠡᠭᠡᠷ᠎ᠡ ᠨᠢ ᠬᠡᠯᠡᠯᠴᠡᠬᠦ ᠪᠤᠯᠤᠨ ᠢᠨᠲ᠋ᠧᠷᠨ᠋᠋ᠧᠲ ᠢᠶᠡᠷ ᠨᠦᠯᠦᠭᠡᠯᠡᠯᠴᠡᠬᠦ ᠲᠠᠢ ᠤᠶᠠᠯᠳᠤᠭᠤᠯᠤᠨ ᠨᠠᠶᠢᠲᠡ ᠶᠢᠨ ᠬᠡᠷᠡᠭᠴᠡᠭᠡᠨ ᠤ ᠬᠠᠷᠢᠯᠴᠠᠭᠠᠨ ᠤ ᠲᠠᠪᠴᠠᠩ ᠢ ᠪᠠᠶᠢᠭᠤᠯᠵᠤ᠂ ᠡᠯ᠎ᠡ ᠨᠸᠲ ᠢᠶᠡᠷ ᠠᠵᠢᠯ ᠡᠷᠢᠬᠦ ᠰᠤᠹᠲ ᠢ ᠬᠦᠢᠴᠡᠳ ᠠᠰᠢᠭᠯᠠᠵᠤ ᠤᠶᠤᠲᠠᠳ ᠵᠢᠴᠢ ᠴᠢᠳᠠᠪᠤᠷᠢᠲᠠᠳ ᠤᠨ ᠠᠵᠢᠯ ᠤᠨ ᠪᠠᠶᠢᠷᠢ ᠬᠠᠩ᠋ᠭᠠᠬᠤ ᠂ ᠠᠳᠠᠯ ᠦᠢᠯᠡᠰ ᠪᠤᠰᠬᠠᠬᠤ ᠶᠢ ᠠᠬᠢᠭᠤᠯᠤᠨ᠎ᠠ᠃

    ᠤᠶᠢᠯᠠᠭᠠᠭᠰᠠᠨ ᠢᠶᠡᠷ᠂ ᠦᠪᠦᠷ ᠮᠣᠩᠭᠣᠯ ᠬᠤᠶᠢᠰᠢᠲᠠ ᠠᠵᠢᠯ ᠤᠨ ᠪᠠᠶᠢᠷᠢ ᠬᠠᠩ᠋ᠭᠠᠬᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠦᠷᠭᠡᠨ ᠬᠡᠪᠴᠢᠶᠡᠲᠠᠢ ᠦᠷᠨᠢᠭᠦᠯᠵᠤ᠂ ᠬᠠᠨᠳᠤᠯᠭᠠᠲᠤ ᠴᠢᠨᠠᠷ ᠲᠠᠢ ᠮᠡᠭᠡᠵᠢᠯ ᠤᠨ ᠵᠢᠭᠠᠨ ᠵᠢᠯᠤᠭᠤᠳᠤᠯᠭ᠎ᠠ ᠬᠠᠩᠭ᠋ᠠᠨ᠎ᠠ᠃ ᠠᠵᠢᠯ ᠤᠨ ᠪᠠᠶᠢᠷᠢ ᠨᠠᠶᠢᠲᠡᠯᠡᠬᠦ ᠰᠤᠷᠠᠭ ᠵᠠᠩᠭᠢ ᠶᠢ ᠦᠷᠭᠡᠨ ᠢᠶᠡᠷ ᠴᠤᠭᠯᠠᠭᠤᠯᠤᠨ᠂ ᠠᠵᠢᠯ ᠲᠦᠷᠦᠯ᠂ ᠮᠡᠷᠭᠡᠵᠢᠯ ᠬᠤᠪᠢᠶᠠᠭᠰᠠᠨ ᠲᠤᠰᠬᠠᠢ ᠡᠯᠰᠡᠯᠲᠠ ᠶᠢᠨ ᠠᠵᠢᠯᠯᠠᠭ᠎ᠠ ᠶᠠᠪᠤᠭᠤᠯᠵᠤ᠂ ᠲᠡᠭᠦᠰᠦᠭᠰᠡᠨ ᠤᠶᠤᠲᠠᠳ ᠤᠨ ᠠᠵᠢᠯ ᠤᠨ ᠪᠠᠶᠢᠷᠢ ᠬᠠᠩ᠋ᠭᠠᠬᠤ ᠠᠷᠭ᠎ᠠ ᠵᠠᠮ ᠢ ᠦᠷᠭᠡᠳᠭᠡᠨ᠎ᠠ᠃(ᠳᠠᠳᠤᠯᠭ᠎ᠠ ᠶᠢᠨ ᠰᠤᠷᠤᠭᠴᠢ ᠬᠡᠤᠬᠡᠨᠰᠤᠯᠢ ᠤᠷᠴᠢᠭᠤᠯᠵᠦ ᠨᠠᠶᠢᠷᠠᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119554048