蒙古文网站Logo
ᠰᠢᠨᠬᠤᠸᠠ ᠮᠤᠩᠭ᠋ᠤᠯ ᠨᠧᠲ

ᠮᠠᠨ ᠪ 2020 ᠤᠨ ᠪᠤᠯᠲᠠᠯ᠎ᠠ ᠤᠯᠤᠰ ᠲᠠᠶᠠᠭᠠᠷ ᠤᠨ ᠨᠡᠢᠢᠲᠡᠮ ᠬᠡᠷᠡᠭᠯᠡᠭᠡᠨ ᠤ ᠦᠭᠡ ᠬᠡᠯᠡ ᠶᠢ ᠲᠦᠭᠡᠮᠡᠯᠵᠢᠬᠦᠯᠦᠨ᠎ᠡ

2016-09-14 14:36

    ᠰᠢᠨᠬᠤᠸᠠ ᠬᠤᠷᠢᠶ᠎ᠠ   ᠪᠡᠭᠡᠵᠢᠩ ᠤᠨ 9 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠯᠢᠦ ᠢ ᠵᠠᠨ ) ᠰᠤᠷᠪᠤᠯᠵᠢᠯᠠᠭᠴᠢ 13 ᠤ ᠡᠲᠦᠷ᠂ ᠰᠤᠷᠭᠠᠨ ᠬᠦᠮᠦᠵᠢᠯ ᠤᠨ ᠶᠠᠮᠤᠨ ᠡᠴᠡ ᠤᠢᠢᠯᠠᠭᠠᠭᠰᠠᠨ ᠶᠢᠡᠷ᠂ 2020 ᠤᠨ ᠪᠤᠯᠲᠠᠯ᠎ᠠ ᠤᠯᠤᠰ ᠲᠠᠶᠠᠭᠠᠷ ᠤᠨ ᠬᠡᠪᠴᠢᠶᠠᠨ ᠳ᠋ᠤ ᠨᠡᠢᠢᠲᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ᠌ ᠢ ᠲᠦᠭᠡᠮᠡᠯᠵᠢᠭᠦᠯᠵᠦ᠂ ᠦᠭᠡ ᠬᠡᠯᠡ ᠦᠰᠦᠭ ᠪᠢᠴᠢᠭ᠌ ᠤᠨ ᠰᠤᠷᠠᠭ ᠵᠠᠩᠬᠢᠴᠢᠯᠡᠯᠲᠡ ᠶᠢ ᠪᠦᠬᠦ ᠲᠠᠯ᠎ᠠ ᠪᠡᠷ ᠲᠡᠭᠡᠭ᠍ᠰᠢᠯᠡᠭᠦᠯᠵᠦ᠂ ᠦᠢᠯᠡᠴᠢᠯᠡᠭᠡᠨ ᠤ ᠴᠢᠲᠠᠪᠬᠢ ᠶᠢ ᠲᠡᠭᠡᠭ᠍ᠰᠢᠯᠡᠬᠦᠯᠦᠨ᠎ᠡ᠃

    13 ᠤ ᠡᠲᠦᠷ᠂ ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠦᠭᠡ ᠬᠡᠯᠡ ᠦᠰᠦᠭ ᠪᠢᠴᠢᠭ᠌ ᠤᠨ ᠠᠵᠢᠯ ᠤᠨ ᠵᠦᠪᠯᠡᠯ ᠡᠴᠡ 《ᠤᠯᠤᠰ ᠤᠨ ᠦᠭᠡ ᠬᠡᠯᠡ ᠦᠰᠦᠭ ᠪᠢᠴᠢᠭ᠌ ᠤᠨ ᠠᠵᠢᠯ ᠦᠢᠯᠡᠰ ᠤᠨ ᠨᠢᠭᠡᠴᠡ<13·5>ᠬᠦᠭ᠍ᠵᠢᠯᠲᠠ ᠶᠢᠨ ᠲᠦᠰᠦᠯ》 ᠢ ᠨᠡᠢᠢᠲᠡᠯᠡᠪᠡ᠃

    ᠲᠦᠰᠦᠯ ᠳ᠋ᠤ᠂ ᠦᠨᠳᠦᠰᠦᠲᠡᠨ ᠤ ᠤᠷᠤᠨ ᠳ᠋ᠤ ᠤᠯᠤᠰ ᠲᠠᠶᠠᠭᠠᠷ ᠤᠨ ᠨᠡᠢᠢᠲᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ᠌ ᠢ ᠲᠦᠭᠡᠮᠡᠯᠵᠢᠬᠦᠯᠬᠦ ᠠᠵᠢᠯ ᠢ ᠲᠦᠷᠭᠡᠳᠭᠡᠬᠦ ᠶᠢᠨ ᠬᠠᠮᠲᠤ᠂ ᠡᠯ᠎ᠡ ᠦᠨᠳᠦᠰᠦᠲᠡᠨ ᠤ ᠦᠭᠡ ᠬᠡᠯᠡ ᠦᠰᠦᠭ ᠪᠢᠴᠢᠭ᠌ ᠢ ᠰᠢᠨᠵᠢᠯᠡᠬᠦ ᠤᠬᠠᠭᠠᠨᠴᠢ ᠪᠡᠷ ᠬᠠᠮᠠᠭᠠᠯᠠᠬᠤ ᠲᠤᠬᠠᠢ ᠲᠤᠷᠠᠳᠪᠠ᠃

    ᠡᠭᠦᠨ ᠡᠴᠨ ᠭᠠᠲᠠᠨ᠎ᠠ᠂ ᠤᠯᠠᠨ ᠤᠯᠤᠰ ᠤᠨ ᠦᠭᠡ ᠬᠡᠯᠡ ᠰᠤᠶᠤᠯ ᠤᠨ ᠰᠤᠯᠢᠯᠴᠠᠭ᠎ᠠ ᠪᠠ ᠤᠯᠠᠮᠵᠢᠯᠠᠭ᠎ᠠ ᠶᠢᠨ ᠠᠵᠢᠯᠯᠠᠭ᠎ᠠ ᠶᠢ ᠴᠢᠩᠭ᠋ᠠᠳᠭᠠᠵᠤ᠂ ᠲᠤᠮᠲᠠᠲᠤ ᠤᠯᠤᠰ ᠤᠨ ᠤᠨᠴᠠᠯᠢᠭ ᠪᠦᠬᠦᠢ ᠭᠠᠲᠠᠭᠠᠲᠤ ᠬᠠᠷᠢᠯᠴᠠᠭᠠᠨ ᠤ ᠪᠠᠢᠢᠯᠲᠤᠬᠤ ᠪᠤᠲᠤᠯᠭ᠎ᠠ ᠶᠢᠨ ᠲᠠᠭᠠᠤ《ᠨᠢᠭᠡ ᠪᠦᠰᠡ ᠨᠢᠭᠡ ᠵᠠᠮ》 ᠤᠨ ᠪᠦᠲᠦᠭᠡᠨ ᠪᠠᠢᠢᠭᠤᠯᠤᠯᠲᠠ᠂ ᠬᠦᠮᠦᠨ ᠰᠤᠶᠤᠯ ᠤᠨ ᠰᠤᠯᠢᠯᠴᠠᠭ᠎ᠠ ᠵᠡᠷᠭᠡ ᠬᠡᠷᠡᠭᠴᠡᠭᠡ ᠶᠢ ᠬᠠᠩᠭ᠋ᠠᠨ᠎ᠠ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119565715