蒙古文网站Logo
ᠰᠢᠨᠬᠤᠸᠠ ᠮᠤᠩᠭ᠋ᠤᠯ ᠨᠧᠲ

ᠬᠦᠪᠡᠭᠡᠲᠤ ᠰᠢᠷ᠎ᠠ ᠬᠤᠰᠢᠭᠤᠨ ᠤ ᠨᠠᠬᠢᠶ᠎ᠠ ᠪᠠᠭ᠎ᠠ ᠰᠤᠷᠭᠠᠭᠤᠯᠢ ᠤᠯᠠᠮᠵᠢᠯᠠᠯᠲᠤ ᠵᠠᠩ ᠵᠠᠩᠰᠢᠯ ᠤᠨ ᠰᠤᠷᠭᠠᠯᠲᠠ ᠵᠢ ᠡᠷᠴᠢᠮᠲᠡᠢ ᠬᠢᠵᠦ ᠪᠤᠢ

2016-09-14 17:10

    ᠰᠢᠨᠬᠤᠸᠠ ᠮᠤᠨᠭᠭᠤᠯ ᠨᠧᠲ 9 ᠰᠠᠷ᠎ᠠ ᠶᠢᠨ 14 ᠤ᠋ ᠡᠳᠦᠷ ᠤᠨ ᠴᠠᠬᠢᠯᠭᠠᠨ ᠮᠡᠳᠡᠭᠡ(ᠰᠠᠷᠡᠨᠲᠦᠶᠠᠭ᠎ᠠ) 2016 ᠤᠨ ᠤ 9 ᠰᠠᠷ᠎ᠠ ᠶᠢᠨ 13 ᠤ᠋ ᠡᠳᠦᠷ᠂ ᠦᠪᠦᠷ ᠮᠤᠨᠭᠭᠤᠯ ᠤᠨ ᠰᠢᠯᠢ ᠶᠢᠨ ᠭᠤᠤᠯ ᠠᠶᠢᠮᠠᠭ ᠤᠨ ᠬᠦᠪᠡᠭᠡᠳᠦ ᠰᠢᠷ᠎ᠠ ᠬᠤᠰᠢᠭᠤᠨ  ᠤ ᠨᠠᠬᠢᠶ᠎ᠠ ᠪᠠᠭ᠎ᠠ ᠰᠤᠷᠭᠠᠭᠤᠯᠢ ᠶᠢᠨ ᠠᠷᠪᠠᠨ ᠶᠢᠰᠦᠳᠦᠭᠡᠷ ᠬᠤᠭᠤᠴᠠᠭᠠᠨ ᠤ ᠬᠦᠨᠳᠦ ᠬᠦᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ᠂ ᠬᠤᠶᠠᠳᠤᠭᠠᠷ ᠤᠳᠠᠭᠠᠨ ᠤ〈ᠦᠪᠯᠡᠵᠦ ᠲᠡᠭᠡᠳᠦᠯᠡᠬᠦ ᠰᠤᠶᠤᠯ〉 ᠮᠤᠨᠭᠭᠤᠯ ᠵᠠᠩ ᠦᠢᠯᠡ ᠶᠢᠨ ᠠᠵᠢᠯᠯᠠᠭ᠎ᠠ ᠪᠤᠯᠤᠨ ᠰᠤᠷᠭᠠᠭᠤᠯᠢ ᠶᠢᠨ ᠰᠢᠨ᠎ᠡ ᠪᠠᠭᠤᠴᠠ ᠶᠢᠨ ᠪᠠᠶᠢᠭᠤᠯᠤᠯᠳᠠ ᠪᠦᠬᠦ ᠲᠠᠯ᠎ᠠ ᠪᠠᠷ ᠠᠰᠢᠭᠯᠠᠯᠳᠠ ᠳᠤ ᠤᠷᠤᠭᠰᠠᠨ ᠢ ᠪᠡᠯᠭᠡᠯᠡᠬᠦ ᠶᠤᠰᠤᠯᠠᠯ ᠠᠮᠵᠢᠯᠳᠠ ᠲᠡᠢ ᠰᠠᠶᠢᠬᠠᠨ ᠪᠤᠯᠤᠯ᠎ᠠ᠃

    ᠬᠦᠪᠡᠭᠡᠳᠦ ᠰᠢᠷ᠎ᠠ ᠬᠤᠰᠢᠭᠤᠨ ᠤ ᠨᠠᠬᠢᠶ᠎ᠠ ᠪᠠᠭ᠎ᠠ ᠰᠤᠷᠭᠠᠭᠤᠯᠢ ᠨᠢ1949 ᠤᠨ ᠤ10 ᠰᠠᠷ᠎ᠠ ᠳᠤ ᠪᠠᠶᠢᠭᠤᠯᠤᠭᠳᠠᠭᠰᠠᠨ ᠬᠤᠰᠢᠭᠤᠨ ᠤ ᠪᠠᠨ ᠴᠤᠷ ᠤᠨ ᠭᠠᠭᠴᠠ ᠴᠤᠯ ᠮᠤᠨᠭᠭᠤᠯ ᠢᠶᠠᠷ ᠬᠢᠴᠢᠶᠡᠯᠯᠡᠬᠦ ᠵᠢᠷᠭᠤᠭᠠᠨ ᠵᠢᠯ ᠤᠨ ᠲᠦᠷᠢᠮᠳᠦ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠪᠤᠯᠤᠨ᠎ᠠ᠃ ᠤᠷᠢᠤᠨ ᠬᠤᠵᠢᠤᠨ ‌ᠣᠷᠣᠨ ᠤ ᠵᠡᠷᠭᠡᠯᠡᠯ ᠤᠨ《ᠴᠠᠬᠢᠮ ᠰᠤᠷᠭᠠᠨ ᠬᠥᠮᠥᠵᠢᠯ ᠤᠨ ᠲᠡᠷᠢᠬᠦᠨ ᠤ ᠰᠤᠷᠭᠠᠭᠤᠯᠢ》᠂《ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠠᠭᠤᠷᠢᠶᠠᠯ ᠰᠤᠷᠭᠠᠭᠤᠯᠢ》᠂《ᠪᠠᠭᠠᠴᠤᠤᠨ ᠤᠨ ᠬᠤᠰᠢᠭᠤᠴᠢ ᠠᠩᠬᠢ ᠶᠢᠨ ᠵᠤᠬᠢᠶᠠᠨ ᠪᠠᠶᠢᠭᠤᠯᠤᠯᠳᠠ ᠶᠢᠨ ᠲᠥᠷᠢᠮᠵᠢᠭᠰᠡᠨ ᠰᠤᠷᠭᠠᠭᠤᠯᠢ》᠂ 《ᠪᠠᠶᠢᠭᠠᠯᠢ ᠤᠷᠴᠢᠨ ᠤ ᠪᠠᠷᠢᠮᠵᠢᠶᠠᠳᠤ ᠰᠤᠷᠭᠠᠭᠤᠯᠢ》 ᠵᠡᠷᠭᠡ ᠤᠯᠠᠨ ᠤᠯᠠᠨ ᠠᠯᠳᠠᠷ ᠢᠶᠡᠷ ᠮᠢᠯᠢᠶᠠᠯᠭᠠᠵᠦ ᠶᠠᠪᠤᠵᠠᠢ᠃

    ᠰᠡᠭᠦᠯ ᠤᠨ ᠵᠢᠯ ᠤᠳ ᠲᠤ ᠨᠠᠬᠢᠶ᠎ᠠ ᠪᠠᠭ᠎ᠠ ᠰᠤᠷᠭᠠᠭᠤᠯᠢ ᠨᠢ ᠰᠤᠷᠤᠭᠴᠢᠳ ᠤᠨ ᠪᠦᠭᠦ ᠲᠠᠯ᠎ᠠ ᠶᠢᠨ ᠬᠦᠭ᠍ᠵᠢᠯᠲᠠ ᠶᠢ ᠴᠢᠬᠤᠯᠠᠴᠢᠯᠠᠵᠦ᠂ ᠦᠨᠳᠤᠰᠦᠳᠡᠨ ᠤ ᠦᠪ ᠰᠤᠶᠤᠯ᠂ ᠵᠠᠩ ᠦᠢᠯᠡ ᠳᠤ ᠰᠠᠭᠤᠷᠢᠯᠠᠭᠰᠠᠨ ᠤᠯᠠᠨ ᠵᠦᠢᠯ ᠤᠨ ᠳᠤᠷ᠎ᠠ ᠰᠤᠨᠢᠷᠬᠠᠯᠲᠦ ᠪᠠᠬ ᠤᠨ ᠠᠵᠢᠯᠯᠠᠭ᠎ᠠ ᠪᠠ ᠬᠢᠴᠢᠶᠡᠯ ᠢ ᠨᠡᠭᠡᠭᠡᠭ᠍ᠰᠡᠨ ᠠᠴᠠ ᠬᠡᠦᠬᠡᠳ ᠤᠨ ᠪᠦᠬᠦ ᠲᠠᠯ᠎ᠠ ᠶᠢᠨ ᠬᠦᠮᠦᠵᠢᠯ ᠳᠤ ᠨᠠᠩ ᠦᠷᠭᠡᠨ ᠪᠤᠯᠤᠮᠵᠢ ᠵᠢ ᠬᠠᠩᠭ᠋ᠠᠵᠦ ᠦᠭ᠍ᠬᠦᠭ᠍ᠰᠡᠨ ᠪᠠᠶᠢᠨ᠎ᠠ᠃ ᠲᠤᠬᠠᠶᠢᠯᠠᠪᠠᠯ ᠄ ᠬᠤᠪᠢᠰ᠂ ᠮᠤᠷᠢᠨ ᠬᠤᠭᠤᠷ᠂ ᠮᠤᠨᠭᠭᠤᠯ ᠪᠦᠵᠢᠭ᠌᠂ ᠮᠤᠨᠭᠭᠤᠯ ᠰᠢᠳᠠᠷ᠎ᠠ᠂ ᠮᠤᠨᠭᠭᠤᠯ ᠤᠷᠠᠨ ᠪᠢᠴᠢᠯᠭᠡ᠂ ᠮᠤᠨᠭᠭᠤᠯ ᠬᠡ ᠤᠭᠠᠯᠵᠠ ᠪᠠ ᠢᠰᠡᠭᠡᠢ ᠤᠷᠠᠯᠠᠯ ᠵᠡᠷᠭᠡ ᠪᠠᠷ ᠭᠤᠤᠯᠯᠠᠭᠰᠠᠨ ᠡᠯ᠎ᠡ ᠳᠤᠷ᠎ᠠ ᠰᠤᠨᠢᠷᠬᠠᠯᠲᠦ ᠪᠠᠬ ᠤᠨ ᠠᠵᠢᠯᠯᠠᠭ᠎ᠠ᠂ 1-3 ᠤᠨ ᠤ〈ᠱᠠᠭ᠎ᠠ ᠲᠤᠭᠯᠠᠭᠠᠮ〉 ᠤᠨ ᠬᠢᠴᠢᠶᠡᠯ ᠪᠠ 4-6 ᠤᠨ ᠤ〈ᠮᠤᠨᠭᠭᠤᠯ ᠵᠠᠩ ᠦᠢᠯᠡ ᠶᠢᠨ ᠬᠢᠴᠢᠶᠡᠯ 〉ᠵᠡᠷᠭᠡ ᠬᠢᠴᠢᠶᠡᠯ ᠲᠦᠷᠦᠯ ᠨᠢ ᠪᠦᠷ ᠠᠮᠵᠢᠯᠲᠠ ᠲᠠᠢ ᠦᠷᠨᠢᠨ ᠶᠠᠪᠤᠭᠳᠠᠵᠦ ᠪᠤᠢ᠃ ᠡᠬᠦᠨ ᠤ ᠳ᠋ᠦᠩ ᠳᠤ ᠲᠤᠰ ᠰᠤᠷᠭᠠᠭᠤᠯᠢ ᠶᠢᠨ ᠰᠤᠷᠤᠭᠴᠢᠳ ᠡᠯ᠎ᠡ ᠱᠠᠳᠤᠨ ᠤ ᠤᠷᠠᠯᠢᠭ ᠤᠨ ᠪᠠᠶᠠᠷ᠂ ᠬᠢᠴᠢᠶᠡᠯ ᠤᠨ ᠪᠢᠴᠢᠭ᠌ ᠤᠨ ᠵᠦᠴᠦᠭᠡ ᠶᠢᠨ ᠤᠷᠤᠯᠳᠤᠭᠠᠨ᠂ ᠵᠢᠷᠤᠭ ᠪᠢᠴᠢᠯᠭᠡ ᠶᠢᠨ ᠮᠦᠷᠦᠶᠢᠴᠡᠭᠡᠨ ᠵᠡᠷᠭᠡ ᠳᠤ ᠪᠦᠷ ᠲᠤᠩ ᠰᠠᠶᠢᠨ ᠦᠷ᠎ᠡ ᠪᠦᠳᠦᠮᠵᠢ ᠤᠯᠵᠠᠢ᠃

    ᠲᠡᠭᠡᠳᠦᠰ ᠠᠴᠠ ᠤᠯᠠᠮᠵᠢᠯᠠᠭᠰᠠᠨ ᠮᠤᠨᠭᠭᠤᠯ ᠵᠠᠩ ᠵᠠᠩᠰᠢᠯ ᠢᠶᠠᠨ ᠬᠡᠤᠬᠡᠳ ᠪᠠᠭᠠᠴᠤᠤᠯ ᠳᠠᠭᠠᠨ ᠤᠯᠠᠮᠵᠢᠯᠠᠬᠤ ᠡᠨᠡ ᠨᠠᠨᠳᠢᠨ ᠰᠤᠷᠳᠠᠯ ᠢ ᠪᠠᠷᠢᠮᠳᠠᠯᠠᠨ ᠴᠢᠬᠤᠯᠠᠴᠢᠯᠠᠭᠰᠠᠭᠠᠷ ᠢᠷᠡᠭᠰᠡᠨ ᠨᠠᠬᠢᠶ᠎ᠠ ᠪᠠᠭ᠎ᠠ ᠰᠤᠷᠭᠠᠭᠤᠯᠢ ᠨᠡᠡᠭ ᠦᠨᠳᠦᠷ ᠠᠮᠵᠢᠯᠳᠡ ᠵᠦᠭ ᠴᠢᠷᠮᠠᠢᠢᠵᠦ ᠶᠠᠪᠤᠨ᠎ᠠ᠃

ᠢᠷᠡᠯᠳᠡ᠄ ᠰᠢᠨᠬᠤᠸᠠ ᠮᠤᠨᠭᠭᠤᠯ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001119566828