蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠤᠯᠤᠰ ᠤᠨ ᠠᠷᠠᠳ ᠤᠨ ᠶᠡᠬᠡ ᠰᠤᠷᠭᠠᠭᠤᠯᠢ ᠶᠢᠨ 2016 ᠤᠨ ᠤ ᠰᠢᠨ᠎ᠡ ᠤᠶᠤᠲᠠᠳ ᠤᠨ ᠵᠢᠷᠭᠤᠭᠠᠨ ᠬᠤᠪᠢ ᠨᠢ ᠲᠤᠮᠲᠠ ᠪᠠᠷᠠᠭᠤᠨ ᠤᠷᠤᠨ ᠡᠴᠡ ᠢᠷᠡᠯ ᠲᠠᠢ

2016-09-17 11:38

    ᠰᠢᠨᠬᠤᠸᠠ ᠬᠤᠷᠢᠶ᠎ᠠ   ᠪᠡᠭᠡᠵᠢᠩ ᠤᠨ 9 ᠰᠠᠷ᠎ᠠ ᠶᠢᠨ 16 ᠤ ᠡᠲᠦᠷ ᠤᠨ ᠲᠤᠰᠬᠠᠢ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠸᠢ ᠮᠸᠩ ᠵᠢᠶᠠ ) ᠤᠢᠢᠷ᠎ᠠ ᠳ᠋ᠤ᠂ ᠲᠤᠮᠲᠠᠲᠤ ᠤᠯᠤᠰ ᠤᠨ ᠠᠷᠠᠳ ᠤᠨ ᠶᠡᠬᠡ ᠰᠤᠷᠭᠠᠭᠤᠯᠢ 2797 ᠦᠨᠳᠦᠰᠦᠨ ᠠᠩᠬᠢ ᠶᠢᠨ ᠤᠶᠤᠲᠠᠳ ᠶᠢᠡᠨ ᠤᠭᠲᠤᠨ ᠠᠪᠤᠯ᠎ᠠ᠃ ᠰᠡᠭᠦᠯ ᠤᠨ ᠦᠶ᠎ᠠ ᠳ᠋ᠤ᠂ ᠲᠤᠰ ᠰᠤᠷᠭᠠᠭᠤᠯᠢ ᠲᠤᠮᠲᠠ ᠪᠠᠷᠠᠭᠤᠨ ᠡᠴᠡ ᠰᠤᠷᠤᠭᠴᠢ ᠡᠯᠰᠡᠬᠦ ᠡᠷᠴᠢᠮ ᠶᠢᠡᠨ ᠴᠢᠩᠭ᠋ᠠᠷᠠᠭᠤᠯᠤᠭᠰᠠᠨ ᠶᠢᠡᠷ᠂ ᠡᠨᠡ ᠵᠢᠯ ᠤᠨ ᠲᠤᠮᠲᠠ ᠪᠠᠷᠠᠭᠤᠨ ᠤᠷᠤᠨ ᠤ ᠰᠤᠷᠤᠭᠴᠢ ᠶᠢᠨ ᠲᠤᠭ᠎ᠠ 58.35% ᠶᠢ ᠡᠵᠡᠯᠡᠬᠦ ᠪᠤᠯᠪᠠ᠃

    ᠲᠤᠮᠲᠠᠲᠤ ᠤᠯᠤᠰ ᠤᠨ ᠠᠷᠠᠳ ᠤᠨ ᠶᠡᠬᠡ ᠰᠤᠷᠭᠠᠭᠤᠯᠢ ᠶᠢᠨ ᠰᠤᠷᠤᠭᠴᠢ ᠡᠯᠰᠡᠬᠦ ᠭᠠᠵᠠᠷ ᠤᠨ ᠲᠠᠨᠢᠯᠴᠠᠭᠤᠯᠤᠭᠰᠠᠨ ᠶᠢᠡᠷ᠂ ᠡᠨᠡ ᠵᠢᠯ ᠤᠨ ᠦᠨᠳᠦᠰᠦᠨ ᠠᠩᠬᠢ  ᠳ᠋ᠤ ᠡᠯᠰᠡᠭᠲᠡᠭᠰᠡᠨ ᠤᠶᠤᠲᠠᠳ ᠲᠤ ᠤᠯᠤᠰ ᠤᠨ ᠶᠠᠲᠠᠭᠤ ᠬᠦᠴᠢᠷᠲᠡᠯᠲᠡᠢ ᠭᠠᠵᠠᠷ ᠡᠴᠡ ᠲᠤᠰᠬᠠᠢ ᠲᠦᠰᠦᠯ ᠶᠢᠡᠷ ᠡᠯᠰᠡᠭᠰᠡᠨ 225 ᠰᠤᠷᠤᠭᠴᠢ ᠂ 《 ᠮᠦᠷᠦᠭᠡᠲᠦᠯ ᠪᠡᠶᠡᠯᠡᠬᠦ》ᠲᠦᠰᠦᠯ ᠤᠨ 82 ᠰᠤᠷᠤᠭᠴᠢ᠂ ᠲᠤᠮᠲᠠᠲᠤ ᠹᠷᠠᠨᠼᠢ ᠶᠢᠨ ᠬᠠᠮᠲᠤᠷᠠᠭᠰᠠᠨ ᠲᠡᠭᠡᠳᠦ ᠰᠤᠷᠭᠠᠭᠤᠯᠢ ᠶᠢᠨ 285 ᠰᠤᠷᠤᠭᠴᠢ ᠶᠢ ᠪᠠᠭᠲᠠᠭᠠᠪᠠ᠃ ᠭᠤᠤᠯᠲᠠᠯᠠᠭᠠᠲᠤ ᠶᠡᠬᠡ ᠲᠡᠭᠡᠳᠦ ᠰᠤᠷᠭᠠᠭᠤᠯᠢ ᠡᠴᠡ ᠡᠯᠰᠡᠬᠦ ᠰᠤᠷᠤᠭᠴᠢ ᠶᠢᠨ ᠬᠠᠷᠢᠴᠠᠯ ᠬᠠᠷᠢᠴᠠᠩᠭ᠋ᠤᠢ ᠲᠤᠤᠷ᠎ᠠ ᠪᠠᠢᠢᠬᠤ   ᠡᠾᠸᠨᠠᠨ᠂ ᠱᠠᠨᠳᠦ᠋ᠩ᠂ ᠱᠠᠨ ᠰᠢ ᠵᠡᠷᠭᠡ ᠮᠤᠵᠢ ᠶᠢᠨ ᠰᠤᠷᠤᠭᠴᠢ ᠶᠢᠨ ᠲᠤᠭ᠎ᠠ 40ᠬᠦᠷᠴᠦ᠂ ᠨᠢᠲᠤᠨᠤᠨ ᠤ ᠬᠢ ᠡᠴᠡ 1.46 ᠵᠠᠭᠤᠨ ᠤ ᠨᠢᠭᠡᠴᠢ ᠪᠡᠷ ᠲᠡᠭᠡᠭ᠍ᠰᠢᠯᠡᠪᠡ᠃

    2016 ᠤᠨ ᠳ᠋ᠤ᠂ ᠲᠤᠮᠲᠠᠲᠤ ᠤᠯᠤᠰ ᠤᠨ ᠠᠷᠠᠳ ᠤᠨ ᠶᠡᠬᠡ ᠰᠤᠷᠭᠠᠭᠤᠯᠢ ᠶᠢᠨ ᠰᠤᠷᠤᠭᠴᠢ ᠶᠢᠨ ᠢᠷᠡᠯ ᠲᠤᠭᠲᠠᠭᠤᠨ ᠪᠠᠢᠢᠨ᠎ᠠ᠃ ᠤᠢᠢᠯᠭᠠᠭᠰᠠᠨ ᠶᠢᠡᠷ᠂ ᠲᠤᠮᠲᠠᠲᠤ ᠤᠯᠤᠰ ᠤᠨ ᠠᠷᠠᠳ ᠤᠨ ᠶᠡᠬᠡ ᠰᠤᠷᠭᠠᠭᠤᠯᠢ 2012 ᠤᠨ ᠡᠴᠡ ᠬᠦᠲᠡᠭᠡ ᠲᠤᠰᠬᠤᠨ ᠤ ᠰᠤᠷᠤᠭᠴᠢᠳ ᠲᠤ ᠬᠠᠨᠲᠤᠭᠤᠯᠤᠨ《ᠮᠦᠷᠦᠭᠡᠲᠦᠯ ᠪᠡᠶᠡᠯᠡᠬᠦ》ᠲᠦᠰᠦᠯ ᠢ ᠡᠬᠢᠯᠡᠨ ᠬᠡᠷᠡᠭᠵᠢᠬᠦᠯᠪᠡ᠃ 4 ᠵᠢᠯ ᠤᠨ ᠲᠤᠷᠰᠢ᠂ ᠲᠤᠰ ᠰᠤᠷᠭᠠᠭᠤᠯᠢ ᠶᠢᠨ ᠬᠦᠲᠡᠭᠡ ᠲᠤᠰᠬᠤᠨ ᠡᠴᠡ ᠢᠷᠡᠯ ᠲᠠᠢ ᠰᠢᠨ᠎ᠡ ᠤᠶᠤᠲᠠᠳ ᠤᠨ ᠡᠵᠡᠯᠡᠬᠦ ᠬᠠᠷᠢᠴᠠᠯ 5 ᠵᠠᠭᠤᠨ ᠤ ᠨᠢᠭᠡᠴᠢ ᠪᠡᠷ ᠲᠡᠭᠡᠭ᠍ᠰᠢᠯᠡᠪᠡ᠃ ᠡᠨᠡ ᠵᠢᠯ᠂ ᠲᠤᠰ ᠰᠤᠷᠭᠠᠭᠤᠯᠢ ᠦᠷᠭᠦᠯᠵᠢᠯᠡᠨ ᠶᠠᠲᠠᠭᠤ ᠬᠦᠴᠢᠷᠲᠡᠯ ᠲᠠᠢ ᠰᠤᠷᠤᠭᠴᠢ ᠳ᠋ᠤ ᠰᠤᠷᠤᠯᠭ᠎ᠠ ᠶᠢᠨ ᠰᠦᠢᠳᠭᠡᠯ ᠶᠢᠡᠨ ᠬᠤᠢᠢᠰᠢᠯᠠᠭᠤᠯᠵᠤ ᠲᠦᠯᠦᠬᠦ ᠵᠡᠷᠭᠡ ᠤᠨᠴᠠ ᠬᠠᠷᠠᠭᠠᠯᠵᠠᠯ ᠦᠵᠡᠭᠦᠯᠪᠡ᠃ ᠲᠤᠰ ᠲᠦᠰᠦᠯ ᠤᠨ ᠵᠠᠷᠢᠮ ᠰᠢᠯᠭᠠᠭᠤᠯᠤᠭᠰᠠᠳ ᠪᠠ ᠭᠡᠷ ᠤᠨ ᠠᠬᠠᠮᠠᠳ ᠨᠢᠭᠡᠨᠲᠡ ᠰᠤᠷᠭᠠᠭᠤᠯᠢ ᠶᠢᠨ ᠲᠠᠯ᠎ᠠ ᠶᠢᠨ ᠬᠠᠪᠰᠤᠷᠤᠯᠭ᠎ᠠ ᠲᠡᠮᠵᠢᠯᠭᠡ ᠶᠢ ᠤᠷᠢᠳᠴᠢᠯᠠᠨ ᠬᠦᠷᠲᠡᠪᠡ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119573317