蒙古文网站Logo
ᠰᠢᠨᠬᠤᠸᠠ ᠮᠤᠩᠭ᠋ᠤᠯ ᠨᠧᠲ

《ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠳᠠᠨ ᠤ ᠰᠤᠷᠭᠠᠨ ᠬᠦᠮᠦᠵᠢᠯ ᠤᠨ ᠲᠦᠷᠢᠮ (ᠲᠦᠰᠦᠯ)》ᠬᠢᠨᠠᠨ ᠪᠠᠲᠤᠯᠠᠭᠤᠯᠬᠤ ᠱᠠᠲᠤᠨ ᠳᠤ ᠤᠷᠤᠪᠠ

2016-09-27 17:07

    9 ᠰᠠᠷ᠎ᠠ ᠵᠢᠨ 25 ᠋ ᠤ ᠡᠳᠦᠷ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠢᠢᠩᠭ᠋ᠤ ᠵᠢᠨ ᠭᠡᠰᠢᠬᠦᠳ ᠤᠨ (ᠦᠷᠭᠡᠳᠭᠡᠭ᠍ᠰᠡᠨ) ᠬᠤᠷᠠᠯ ᠬᠤᠷᠠᠯᠳᠤᠭᠤᠯᠵᠤ᠂ ᠨᠠᠮ ᠤᠨ ᠬᠤᠷᠢᠶ᠎ᠠ ᠵᠢᠨ ᠤᠨᠤᠯ ᠰᠤᠷᠤᠯᠴᠠᠬᠤ ᠭᠤᠤᠯ ᠲᠤᠭᠤᠢᠢᠯᠠᠡᠭ ᠤᠨ ᠲᠤᠷᠰᠢᠯᠭ᠎ᠠ ᠰᠤᠯᠢᠯᠴᠠᠬᠤ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠵᠢ ᠤᠯᠠᠮᠵᠢᠯᠠᠵᠤ᠂ ᠮᠠᠨ ᠤ ᠤᠷᠤᠨ ᠤ ᠲᠤᠤᠱᠯᠠᠭᠤᠯᠤᠨ ᠨᠠᠢᠢᠳᠠᠪᠤᠷᠢᠵᠢᠭᠤᠯᠬᠤ ᠰᠠᠨᠠᠯ ᠢ ᠰᠤᠳᠤᠯᠵᠤ᠂ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠳᠠᠨ ᠤ ᠰᠤᠷᠭᠠᠨ ᠬᠦᠮᠦᠵᠢᠯ ᠤᠨ ᠲᠦᠷᠢᠮᠲᠦᠰᠦᠯ᠋ ᠢ ᠰᠤᠳᠤᠯᠤᠨ ᠶᠠᠷᠢᠯᠴᠠᠵᠦ᠂ᠲᠦᠷᠢᠮ᠋ ᠤᠨ ᠲᠦᠰᠦᠯ ᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠢᠢᠩᠭ᠋ᠤ ᠵᠢᠨ ᠬᠤᠷᠢᠶ᠎ᠠ ᠳ᠋ᠦ ᠬᠢᠨᠠᠨ ᠪᠠᠳᠤᠯᠠᠭᠤᠯᠬᠤ ᠪᠡᠷ ᠲᠡᠪᠰᠢᠬᠦᠯᠬᠦ ᠵᠢ ᠵᠠᠷᠴᠢᠮ ᠳᠡᠭᠡᠷ᠎ᠠ ᠪᠡᠨ ᠵᠦᠪᠰᠢᠶᠡᠷᠡᠵᠠᠢ᠃

    ᠬᠤᠷᠠᠯ ᠡᠴᠡ᠂ ᠦᠨᠳᠦᠰᠦᠳᠡᠨ ᠤ ᠰᠤᠷᠭᠠᠨ ᠬᠦᠮᠦᠵᠢᠯ ᠢ ᠶᠡᠭᠡᠪᠡᠷ ᠬᠦᠭ᠍ᠵᠢᠬᠦᠯᠬᠦ ᠪᠤᠯ ᠨᠠᠮ ᠤᠨ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠲᠦᠷᠦ ᠵᠢᠨ ᠪᠤᠳᠤᠯᠭ᠎ᠠ ᠵᠢᠨ ᠴᠢᠬᠤᠯᠠ ᠠᠭᠤᠯᠭ᠎ᠠ ᠪᠠ ᠴᠢᠬᠤᠯᠠ ᠱᠠᠭᠠᠷᠳᠠᠯᠭ᠎ᠠ ᠮᠦᠨ ᠭᠡᠵᠦ ᠵᠢᠭᠠᠵᠤ ᠭᠠᠷᠭᠠᠪᠠ᠃

    ᠦᠨᠳᠦᠰᠦᠳᠡᠨ ᠤ ᠰᠤᠷᠭᠠᠨ ᠬᠦᠮᠦᠵᠢᠯ ᠢ ᠬᠦᠨᠳᠦᠳᠭᠡᠨ ᠦᠵᠡᠬᠦ ᠬᠡᠷᠡᠭᠲᠡᠢ

    ᠬᠤᠷᠠᠯ ᠡᠴᠡ ᠵᠢᠭᠠᠵᠦ ᠭᠠᠷᠭᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠦᠨᠳᠦᠰᠦᠳᠡᠨ ᠤ ᠰᠤᠷᠭᠠᠨ ᠬᠦᠮᠦᠵᠢᠯ ᠢ ᠬᠦᠭ᠍ᠵᠢᠬᠦᠯᠬᠦ ᠵᠢᠨ ᠴᠢᠬᠤᠯᠠ ᠠᠴᠢ ᠬᠤᠯᠪᠤᠭᠳᠠᠯ ᠢ ᠬᠦᠢᠴᠡᠳ ᠲᠠᠨᠢᠵᠦ᠂ ᠦᠨᠳᠦᠰᠦᠳᠡᠨ ᠤ ᠰᠤᠷᠭᠠᠨ ᠬᠦᠮᠦᠵᠢᠯ ᠢ ᠡᠩ ᠲᠡᠷᠢᠬᠦᠨ ᠳ᠋ᠦ ᠭᠤᠤᠯᠳᠠᠯᠭ᠎ᠠ ᠲᠠᠢ ᠬᠦᠭ᠍ᠵᠢᠬᠦᠯᠬᠦ ᠵᠢ ᠦᠷᠬᠦᠯᠵᠢᠯᠡᠨ ᠪᠠᠷᠢᠮᠳᠠᠯᠠᠵᠦ᠂ ᠦᠨᠳᠦᠰᠦᠳᠡᠨ ᠤ ᠰᠤᠷᠭᠠᠨ ᠬᠦᠮᠦᠵᠢᠯ ᠤᠨ ᠡᠯ᠎ᠠ ᠵᠦᠢᠯ ᠤᠨ ᠲᠦᠷᠦ ᠵᠢᠨ ᠪᠤᠳᠤᠯᠭ᠎ᠠ ᠵᠢᠨ ᠲᠤᠤᠱᠯᠠᠭᠤᠯᠤᠯᠳᠠ ᠨᠠᠢᠢᠳᠠᠪᠤᠷᠢᠵᠢᠭᠤᠯᠤᠯᠳᠠ ᠵᠢ ᠴᠢᠨᠠᠭᠰᠢᠳᠠ ᠰᠠᠢᠢᠳᠤᠷ ᠠᠳᠬᠤᠬᠤ ᠭᠡᠷᠡᠭᠲᠡᠢ᠃

    ᠦᠨᠳᠦᠰᠦᠳᠡᠨ ᠤ ᠰᠤᠷᠭᠠᠨ ᠬᠦᠮᠦᠵᠢᠯ ᠢ ᠬᠦᠭᠵᠢᠭᠦᠯᠬᠦ ᠬᠡᠷᠡᠭᠲᠡᠢ

    ᠬᠤᠷᠠᠯ ᠡᠴᠡ ᠵᠢᠭᠠᠵᠦ ᠭᠠᠷᠭᠠᠭᠰᠠᠨ ᠨᠢ᠂ ᠦᠨᠳᠦᠰᠦᠳᠡᠨ ᠤ ᠤᠨᠤᠯ᠂ ᠦᠨᠳᠦᠰᠦᠳᠡᠨ ᠤ ᠲᠦᠷᠦ ᠵᠢᠨ ᠪᠤᠳᠤᠯᠭ᠎ᠠ᠂ ᠦᠨᠳᠦᠰᠦᠳᠡᠨ ᠤ ᠲᠤᠬᠠᠢ ᠮᠡᠳᠡᠯᠭᠡ᠂ ᠦᠨᠳᠦᠰᠦᠳᠡᠨ ᠤ ᠪᠦᠯᠬᠦᠮᠳᠡᠯ ᠤᠨ ᠬᠦᠮᠦᠵᠢᠯ ᠢ ᠶᠡᠭᠡᠪᠡᠷ ᠴᠢᠩᠭ᠋ᠠᠳᠬᠠᠵᠤ᠂ ᠨᠡᠢᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠵᠢᠨ ᠬᠦᠮᠦᠵᠢᠯ ᠢ ᠴᠢᠩᠭ᠋ᠠᠳᠬᠠᠵᠤ᠂ ᠬᠢᠷᠢ ᠲᠡᠩᠴᠡᠭᠰᠡᠨ ᠨᠡᠢᠢᠭᠡᠮ ᠵᠢᠷᠤᠮ ᠤᠨ ᠪᠦᠳᠦᠭᠡᠨ ᠪᠠᠢᠢᠭᠤᠯᠤᠭᠴᠢ ᠪᠠ ᠨᠠᠢᠢᠳᠠᠪᠤᠷᠢᠳᠠᠢ ᠵᠠᠯᠭᠠᠮᠵᠢᠯᠠᠭᠴᠢ ᠵᠢ ᠴᠢᠷᠮᠠᠢᠢᠨ ᠬᠦᠮᠦᠵᠢᠭᠦᠯᠬᠦ ᠭᠡᠷᠡᠭᠲᠡᠢ᠃

    ᠦᠨᠳᠦᠰᠦᠳᠡᠨ ᠤ ᠤᠷᠤᠨ ᠤ ᠡᠯ᠎ᠠ ᠲᠦᠷᠦᠯ ᠤᠨ ᠰᠤᠷᠭᠠᠨ ᠬᠦᠮᠦᠵᠢᠯ ᠢ ᠴᠢᠡᠭᠭᠠᠳᠬᠠᠬᠤ ᠬᠡᠷᠡᠭᠲᠡᠢ

    ᠬᠤᠷᠠᠯ ᠡᠴᠡ ᠴᠢᠬᠤᠯᠠᠴᠢᠯᠠᠭᠰᠠᠨ ᠨᠢ᠂ ᠮᠠᠯᠵᠢᠬᠤ ᠬᠤᠰᠢᠭᠤ ᠰᠢᠶᠠᠨ᠂ ᠬᠢᠯᠢ ᠬᠢᠵᠠᠭᠠᠷ ᠤᠨ ᠬᠤᠰᠢᠭᠤ ᠬᠤᠳᠠ᠂ ᠭᠤᠷᠪᠡᠨ ᠴᠦᠭᠡᠨ ᠲᠤᠭᠠᠳᠦ ᠦᠨᠳᠦᠰᠦᠳᠡᠨ ᠤ ᠦᠪᠡᠷᠲᠡᠭᠡᠨ ᠵᠠᠰᠠᠬᠤ ᠬᠤᠰᠢᠭᠤ ᠵᠡᠷᠭᠡ ᠴᠦᠭᠡᠨ ᠲᠤᠭᠠᠳᠦ ᠦᠨᠳᠦᠰᠦᠳᠡᠨ ᠲᠦᠪᠯᠡᠷᠡᠨ ᠰᠠᠭᠤᠷᠢᠰᠢᠭᠰᠠᠨ ᠭᠠᠵᠠᠷ ᠤᠷᠤᠨ ᠵᠢᠡᠷ ᠭᠤᠤᠯᠳᠠᠯᠭ᠎ᠠ ᠪᠤᠯᠭᠠᠵᠦ᠂ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠵᠡᠷᠭᠡ ᠦᠨᠳᠦᠰᠦᠳᠡᠨ ᠤ ᠰᠤᠷᠭᠠᠨ ᠬᠦᠮᠦᠵᠢᠯ ᠤᠨ ᠪᠠᠭᠤᠷᠠᠢ ᠭᠤᠭᠴᠤᠭ᠎ᠠ ᠵᠢ ᠲᠤᠪᠤᠢᠢᠮ᠎ᠠ ᠪᠠᠢᠢᠷᠢᠨ ᠳ᠋ᠦ ᠲᠠᠯᠪᠢᠵᠦ᠂ ᠪᠡᠯᠡ ᠤᠷᠤᠭᠤᠯᠤᠯᠳᠠ᠂ ᠲᠦᠬᠦᠭᠡᠷᠤᠮᠵᠢ ᠵᠢᠨ ᠪᠦᠳᠦᠭᠡᠨ ᠪᠠᠢᠢᠭᠤᠯᠤᠯᠳᠠ᠂ ᠪᠠᠭᠰᠢ ᠵᠢᠨ ᠡᠬᠢ ᠪᠠᠶᠠᠯᠢᠭ ᠬᠦᠳᠡᠯᠮᠦᠷᠢ ᠬᠦᠴᠦᠨ ᠵᠡᠷᠭᠡ ᠰᠤᠷᠭᠠᠨ ᠬᠦᠮᠦᠵᠢᠯ ᠤᠨ ᠳᠠᠪᠠᠭᠤᠯᠢᠭ ᠡᠬᠢ ᠪᠠᠶᠠᠯᠢᠭ ᠢ ᠦᠨᠳᠦᠰᠦᠳᠡᠨ ᠤ ᠰᠤᠷᠭᠠᠨ ᠬᠦᠮᠦᠵᠢᠯ ᠲᠡᠰᠢ ᠭᠡᠯᠪᠡᠢᠢᠯᠭᠡᠵᠦ᠂ ᠦᠨᠳᠦᠰᠦᠳᠡᠨ ᠤ ᠰᠤᠷᠭᠠᠨ ᠬᠦᠮᠦᠵᠢᠯ ᠵᠢᠭᠠᠨ ᠰᠤᠷᠭᠠᠯᠳᠠ ᠵᠢᠨ ᠶᠠᠰᠤ ᠴᠢᠨᠠᠷ ᠢ ᠳᠠᠰᠤᠷᠠᠯᠳᠠ ᠦᠭᠡᠢ ᠳᠡᠭᠡᠭ᠍ᠰᠢᠯᠡᠬᠦᠯᠵᠦ᠂ ᠡᠷᠭᠡ ᠲᠡᠭᠰᠢ ᠪᠦᠯᠬᠦᠮᠳᠠᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠠ ᠵᠤᠬᠢᠴᠠᠩᠭ᠋ᠤᠢ ᠨᠡᠢᠢᠭᠡᠮ ᠵᠢᠷᠤᠮ ᠤᠨ ᠰᠢᠨ᠎ᠠ ᠮᠠᠶ᠍ᠢᠭ ᠤᠨ ᠦᠨᠳᠦᠰᠦᠳᠡᠨ ᠤ ᠬᠠᠷᠢᠴᠠᠭ᠎ᠠ ᠵᠢ ᠪᠡᠬᠢᠵᠢᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃

    ᠬᠠᠮᠢᠶ᠎ᠠ ᠪᠦᠬᠦᠢ ᠬᠤᠯᠪᠤᠭᠠᠰᠤ᠄

    《ᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ(ᠲᠦᠰᠦᠯ)᠋ ᠤᠨ ᠲᠤᠬᠠᠢ ᠲᠠᠢᠢᠯᠪᠤᠷᠢᠲᠤᠷᠤᠭᠰᠢᠲᠦᠷᠢᠮᠭᠡᠵᠦ ᠲᠦᠭᠦᠮᠴᠢᠯᠡᠨ᠎ᠡ

    1.ᠲᠦᠷᠢᠮᠲᠠᠢ ᠪᠤᠯᠬᠤ ᠵᠢᠨ ᠠᠴᠢ ᠬᠤᠯᠪᠤᠭᠳᠠᠯ᠄

    ᠨᠠᠮ ᠤᠨ ᠠᠷᠪᠠᠨ ᠨᠠᠢᠮᠠᠳᠤᠭᠠᠷ ᠶᠡᠬᠡ ᠬᠤᠷᠠᠯ ᠲᠡᠭᠡᠷ᠎ᠡᠰᠤᠷᠭᠠᠨ ᠬᠦᠮᠦᠵᠢᠯ ᠪᠤᠯ ᠦᠨᠳᠦᠰᠦᠳᠡᠨ ᠤ ᠰᠡᠷᠭᠦᠨ ᠮᠠᠨᠳᠤᠯᠳᠠ ᠪᠠ ᠨᠡᠢᠢᠭᠡᠮ ᠤᠨ ᠲᠠᠪᠰᠢᠯᠳᠠ ᠵᠢᠨ ᠰᠠᠭᠤᠷᠢ ᠴᠢᠯᠠᠭᠤ ᠮᠦᠨᠭᠡᠵᠦ ᠵᠢᠭᠠᠵᠤ ᠭᠠᠷᠭᠠᠪᠠ᠃ᠲᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ ᠤᠨ ᠬᠤᠷᠢᠶ᠎ᠠ ᠵᠢᠨ ᠰᠢᠨ᠎ᠠ ᠪᠠᠢᠢᠳᠠᠯ ᠲᠤᠤᠷᠠᠬᠢ ᠦᠨᠳᠦᠰᠦᠳᠡᠨ ᠤ ᠠᠵᠢᠯ ᠢ ᠲᠦᠷᠭᠡᠳᠭᠡᠨ ᠠᠬᠢᠭᠤᠯᠬᠤ ᠲᠤᠬᠠᠢ ᠰᠠᠨᠠᠯᠪᠠᠲᠦᠷᠦ ᠵᠢᠨ ᠶᠠᠪᠤᠳᠠᠯ ᠤᠨ ᠬᠤᠷᠢᠶ᠎ᠠ ᠵᠢᠨ ᠦᠨᠳᠦᠰᠦᠳᠡᠨ ᠤ ᠰᠤᠷᠭᠠᠨ ᠬᠦᠮᠦᠵᠢᠯ ᠢ ᠲᠦᠷᠭᠡᠳᠭᠡᠨ ᠬᠦᠭᠵᠢᠭᠦᠯᠬᠦ ᠲᠤᠬᠠᠢ ᠰᠢᠢᠳᠪᠦᠷᠢᠵᠢᠴᠢ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠳ᠋ᠤ ᠴᠦᠮ ᠦᠨᠳᠦᠰᠦᠳᠡᠨ ᠤ ᠰᠤᠷᠭᠠᠨ ᠬᠦᠮᠦᠵᠢᠯ ᠤᠨ ᠦᠨᠳᠦᠰᠦᠳᠡᠨ ᠤ ᠤᠷᠤᠨ ᠤ ᠠᠵᠤ ᠠᠬᠤᠢ ᠨᠡᠢᠢᠭᠡᠮ ᠤᠨ ᠬᠦᠭ᠍ᠵᠢᠯᠲᠡ ᠳ᠋ᠤ ᠦᠵᠡᠭᠦᠯᠬᠦ ᠰᠠᠭᠤᠷᠢ ᠵᠢᠨ ᠴᠢᠨᠠᠷ᠂ ᠬᠦᠳᠦᠯᠦᠨ ᠲᠠᠭᠠᠭᠤᠯᠬᠤ ᠴᠢᠨᠠᠷ᠂ ᠶᠡᠬᠡ ᠲᠠᠯ᠎ᠠ ᠵᠢᠨ ᠴᠢᠨᠠᠷ ᠵᠡᠷᠭᠡ ᠪᠠᠢᠢᠷᠢ ᠰᠠᠭᠤᠷᠢ ᠪᠠ ᠦᠢᠯᠡᠳᠦᠯ ᠢ ᠵᠢᠭᠠᠵᠤ ᠭᠠᠷᠭᠠᠭᠰᠠᠨ ᠪᠠᠢᠢᠨ᠎ᠠ᠃ᠦᠨᠳᠦᠰᠦᠨ ᠬᠠᠤᠯᠢᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢᠪᠤᠯᠤᠨᠰᠤᠷᠭᠠᠨ ᠬᠦᠮᠦᠵᠢᠯ ᠤᠨ ᠬᠠᠤᠯᠢᠳ᠋ᠤ ᠴᠦᠮ ᠦᠨᠳᠦᠰᠦᠳᠡᠨ ᠤ ᠰᠤᠷᠭᠠᠨ ᠬᠦᠮᠦᠵᠢᠯ ᠤᠨ ᠬᠠᠤᠯᠢ ᠴᠠᠭᠠᠵᠠ ᠵᠢᠨ ᠪᠠᠢᠢᠷᠢ ᠰᠠᠭᠤᠷᠢ ᠵᠢ ᠲᠤᠳᠤᠷᠬᠠᠢ ᠲᠤᠭᠳᠠᠭᠠᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢᠮᠠᠭᠲᠠ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠴᠢᠬᠤᠯᠠᠴᠢᠯᠠᠨ ᠦᠵᠡᠵᠦ᠂ ᠡᠡᠭ ᠲᠡᠷᠢᠭᠦᠨ ᠳ᠋ᠤ ᠦᠨᠳᠦᠰᠦᠳᠡᠨ ᠤ ᠰᠤᠷᠭᠠᠨ ᠬᠦᠮᠦᠵᠢᠯ ᠢ ᠭᠤᠤᠯᠳᠠᠯᠭ᠎ᠠ ᠲᠠᠢ ᠬᠦᠭ᠍ᠵᠢᠬᠦᠯᠬᠦ ᠴᠢᠭᠯᠡᠯᠲᠡ ᠵᠢ ᠲᠤᠭᠳᠠᠭᠠᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠢ ᠡᠷᠡᠭᠦᠯ ᠵᠢᠠᠷ ᠲᠦᠷᠭᠡᠨ ᠬᠦᠭ᠍ᠵᠢᠭᠦᠯᠬᠦ ᠨᠢᠭᠡ ᠪᠦᠯᠦᠭ ᠰᠢᠷᠢᠰ ᠲᠦᠷᠦ ᠵᠢᠨ ᠪᠤᠳᠤᠯᠭ᠎ᠠ ᠪᠠ ᠠᠷᠭ᠎ᠠ ᠬᠡᠮᠵᠢᠶ᠎ᠡ ᠵᠢ ᠰᠤᠳᠤᠯᠤᠨ ᠲᠤᠭᠳᠠᠭᠠᠭᠰᠠᠨ ᠪᠠᠢᠢᠨ᠎ᠠ᠃ ᠢᠯᠠᠡᠭᠭᠤᠶ᠎ᠠ 2014 ᠤᠨ ᠳ᠋ᠤ ᠲᠠᠷᠤᠮᠠᠯᠯᠠᠨ ᠲᠠᠷᠬᠠᠭᠠᠭᠰᠠᠨᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠢᠨ᠎ᠠ ᠪᠠᠢᠢᠳᠠᠯ ᠲᠤᠤᠷᠠᠬᠢ ᠦᠨᠳᠦᠰᠦᠳᠡᠨ ᠤ ᠠᠵᠢᠯ ᠢ ᠴᠢᠡᠭᠭᠠᠳᠬᠠᠨ ᠰᠠᠢᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯᠳ᠋ᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠬᠠᠤᠯᠢ ᠲᠤᠭᠳᠠᠭᠠᠬᠤ ᠠᠬᠢᠴᠠ ᠵᠢ ᠲᠦᠷᠭᠡᠳᠭᠡᠨ᠎ᠠ ᠭᠡᠵᠦ ᠲᠤᠷᠠᠳᠤᠭᠰᠠᠨ ᠪᠠᠢᠢᠨ᠎ᠠ᠃

    ᠤᠲᠤᠬᠠᠨ ᠳ᠋ᠤ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠢᠢᠭᠡᠮ ᠦᠳᠲᠡᠷ ᠬᠦᠭᠵᠢᠬᠦ ᠵᠢ ᠲᠠᠭᠠᠯᠳᠤᠨ᠂ ᠮᠠᠨ ᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠴᠤ ᠰᠢᠨ᠎ᠠ ᠠᠵᠠ ᠲᠤᠬᠢᠶᠠᠯ ᠪᠠ ᠦᠷᠢᠰᠦᠯᠳᠦᠭᠡᠨ ᠳ᠋ᠤ ᠲᠤᠯᠭᠠᠷᠠᠵᠤ ᠪᠠᠢᠢᠨ᠎ᠠ᠂ ᠡᠢᠢᠮᠦᠷᠬᠦ ᠪᠠᠢᠢᠳᠠᠯ ᠲᠤᠤᠷ᠎ᠠ ᠪᠢᠳᠡ ᠡᠷᠬᠡᠪᠰᠢ ᠲᠦᠷᠢᠮ ᠲᠤᠭᠳᠠᠭᠠᠯ ᠤᠨ ᠦᠨᠳᠦᠷᠴᠡ ᠡᠴᠡ ᠲᠦᠷᠢᠮᠵᠢᠭᠦᠯᠵᠦ ᠪᠠᠲᠤᠯᠠᠭ᠎ᠠ ᠲᠠᠢ ᠪᠤᠯᠭᠠᠬᠤ ᠬᠡᠷᠡᠭᠲᠡᠢ᠃ ᠡᠢᠢᠨᠬᠦ ᠦᠪᠡᠷᠲᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ ᠢ ᠲᠤᠭᠳᠠᠭᠠᠬᠤ ᠨᠢ ᠮᠠᠨ ᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠦᠢᠯᠡᠰ ᠢ ᠡᠷᠡᠭᠦᠯ ᠵᠢᠠᠷ ᠬᠦᠭᠵᠢᠭᠦᠯᠬᠦ ᠳ᠋ᠤ ᠲᠤᠢᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃

    2.ᠲᠦᠷᠢᠮ(ᠲᠦᠰᠦᠯ)ᠢ ᠲᠤᠭᠤᠷᠪᠢᠭᠰᠠᠨ ᠶᠠᠪᠤᠴᠠ᠄

    ᠦᠪᠡᠷᠲᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠬᠠᠤᠯᠢ ᠲᠤᠭᠳᠠᠭᠠᠬᠤ ᠠᠵᠢᠯ 2005 ᠤᠨ ᠡᠴᠡ ᠡᠬᠢᠯᠡᠵᠦ᠂ 2006 ᠤᠨ ᠤ ᠵᠢᠯ ᠤᠨ ᠡᠬᠢ ᠪᠡᠷ ᠠᠡᠭᠬᠠᠨ ᠤ ᠨᠤᠤᠷᠠᠭ ᠲᠦᠯᠦᠪᠰᠢᠷᠡᠵᠠᠢ᠃ 2015 ᠤᠨ ᠤ 7 ᠰᠠᠷ᠎ᠠ ᠳ᠋ᠤ᠂ ᠦᠪᠡᠷᠲᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ ᠢ ᠤᠷᠤᠨ ᠨᠤᠲᠤᠭ ᠤᠨ ᠴᠢᠨᠠᠷᠲᠠᠢ ᠬᠠᠤᠯᠢ ᠲᠤᠭᠳᠠᠭᠠᠯ ᠤᠨ ᠬᠢᠨᠠᠨ ᠵᠦᠪᠯᠡᠬᠦ ᠲᠦᠷᠦᠯ ᠵᠦᠢᠯ ᠤᠨ ᠵᠢᠭ‍ᠰᠠᠭᠠᠯᠲᠠ ᠳ᠋ᠤ ᠤᠷᠤᠭᠤᠯᠤᠭᠰᠠᠨ ᠪᠠᠢᠢᠨ᠎ᠠ᠃ ᠦᠪᠦᠷ ᠮᠤᠡᠭᠭᠤᠯ ᠤᠨ ᠰᠤᠷᠭᠠᠨ ᠬᠦᠮᠦᠵᠢᠯ ᠤᠨ ᠲᠢᠩᠬᠢᠮ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠢ ᠲᠦᠯᠦᠭᠡᠯᠡᠨᠦᠪᠦᠷ ᠮᠤᠡᠭᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ(ᠲᠡᠪᠰᠢᠭᠦᠯᠦᠨ ᠬᠢᠨᠠᠭᠤᠯᠬᠤ ᠨᠤᠤᠷᠠᠭ)᠋ ᠢ ᠲᠤᠭᠤᠷᠪᠢᠵᠤ᠂ ᠦᠪᠡᠷᠲᠡᠬᠡᠨ ᠵᠠᠰᠠᠬᠤ ᠤᠷᠤᠨ ᠤ ᠬᠠᠤᠯᠢ ᠲᠦᠷᠢᠮ ᠤᠨ ᠠᠯᠪᠠᠨ ᠭᠡᠷ ᠬᠠᠤᠯᠢ ᠲᠤᠭᠳᠠᠭᠠᠬᠤ ᠲᠠᠷᠠᠭᠠᠯᠠᠯ ᠶᠤᠰᠤᠭᠠᠷ᠂ ᠰᠤᠷᠭᠠᠨ ᠬᠦᠮᠦᠵᠢᠯ ᠤᠨ ᠲᠢᠩᠬᠢᠮ ᠯᠤᠬᠡ ᠬᠠᠮᠲᠤᠷᠠᠨ ᠲᠡᠪᠰᠢᠭᠦᠯᠦᠨ ᠬᠢᠨᠠᠭᠤᠯᠬᠤ ᠨᠤᠤᠷᠠᠭ ᠲᠤ ᠨᠠᠷᠢᠨ ᠬᠢᠨᠠᠮᠠᠭᠠᠢ ᠵᠠᠰᠠᠯᠳᠠ ᠤᠷᠤᠭᠤᠯᠵᠤ᠂ ᠤᠷᠢᠳ ᠬᠤᠵᠢᠳ 3 ᠤᠳᠠᠭᠠᠨ ᠤ ᠲᠤᠰᠬᠠᠢ ᠮᠡᠷᠭᠡᠵᠢᠯᠳᠡᠨ ᠤ ᠨᠤᠲᠠᠯᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠠ 16 ᠤᠳᠠᠭ᠎ᠠ ᠵᠠᠰᠠᠨ ᠲᠠᠭᠦᠯᠳᠡᠷᠵᠢᠭᠦᠯᠵᠦ ᠰᠠᠨᠠᠯ ᠬᠤᠷᠢᠶᠠᠬᠤ ᠡᠬᠡ ᠨᠤᠤᠷᠠᠭ ᠪᠤᠯᠭᠠᠭᠰᠠᠨ ᠤ ᠲᠠᠷᠠᠭ᠎ᠠ᠂ ᠡᠯ᠎ᠠ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠠ᠂ ᠠᠷᠪᠠᠨ ᠬᠤᠶᠠᠷ ᠠᠢᠢᠮᠠᠭ ᠬᠤᠲᠠ᠂ ᠲᠤᠰᠬᠠᠢ ᠮᠡᠷᠭᠡᠵᠢᠯᠳᠡᠨ᠂ ᠡᠷᠳᠡᠮᠳᠡᠳ ᠵᠢᠴᠢ ᠰᠤᠷᠭᠠᠨ ᠬᠦᠮᠦᠵᠢᠯ ᠤᠨ ᠰᠢᠰᠲ᠋ᠸᠮ ᠪᠤᠯᠤᠨ ᠬᠠᠮᠢᠶ᠎ᠠ ᠪᠦᠬᠦᠢ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ ᠵᠢᠨ ᠰᠠᠨᠠᠯ ᠰᠠᠨᠠᠭᠤᠯᠭ᠎ᠠ ᠵᠢ ᠦᠷᠭᠡᠨ ᠵᠢᠠᠷ ᠬᠤᠷᠢᠶᠠᠭᠰᠠᠨ ᠪᠠᠢᠢᠨ᠎ᠠ᠃ ᠢᠩᠬᠢᠭᠡᠳ ᠤᠯᠠᠨ ᠤᠳᠠᠭᠠᠨ ᠤ ᠶᠠᠷᠢᠯᠴᠠᠬᠤ᠂ ᠵᠤᠬᠢᠴᠠᠭᠤᠯᠬᠤ᠂ ᠵᠠᠰᠠᠯᠳᠠ ᠬᠢᠬᠦ ᠶᠠᠪᠤᠴᠠ ᠵᠢ ᠦᠩᠭᠡᠷᠡᠬᠦᠯᠬᠦ ᠵᠢᠨ ᠵᠡᠷᠭᠡᠪᠡᠷ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠢᠢᠡᠭᠭᠤ ᠵᠢ ᠬᠤᠷᠠᠯ ᠵᠢᠠᠷ ᠶᠠᠷᠢᠯᠴᠠᠨ ᠵᠦᠪᠰᠢᠶᠡᠷᠡᠭᠦᠯᠦᠭᠰᠡᠨ ᠤ ᠲᠠᠷᠠᠭ᠎ᠠ ᠰᠠᠶ‍ᠢ ᠤᠳᠤ ᠵᠢᠨᠲᠦᠷᠢᠮᠲᠦᠰᠦᠯᠪᠤᠯᠤᠭᠰᠠᠨ ᠪᠠᠢᠢᠨ᠎ᠠ᠃

    3. ᠲᠤᠳᠤᠷᠬᠠᠢᠢᠯᠠᠬᠤ ᠬᠡᠳᠦᠨ ᠠᠰᠠᠭᠤᠳᠠᠯ᠄

    (ᠨᠢᠭᠡᠮᠤᠡᠭᠭᠤᠯ ᠦᠨᠳᠦᠰᠦᠳᠡᠨ ᠪᠠᠭᠤᠷᠪᠠᠨ ᠴᠦᠬᠡᠨ ᠲᠤᠭᠠᠲᠤ ᠦᠨᠳᠦᠰᠦᠳᠡᠨ᠋ᠳ᠋ᠤ ᠬᠤᠪᠢ ᠨᠡᠮᠡᠬᠦ ᠲᠦᠷᠦ ᠵᠢᠨ ᠪᠤᠳᠤᠯᠭ᠎ᠠ ᠬᠦᠷᠳᠡᠭᠡᠬᠦ ᠲᠤᠬᠠᠢ ᠠᠰᠠᠭᠤᠳᠠᠯ

    ᠤᠯᠤᠰ ᠡᠴᠡ ᠦᠨᠳᠦᠰᠦᠳᠡᠨ ᠤ ᠤᠷᠤᠨ ᠤ ᠴᠦᠬᠡᠨ ᠲᠤᠭᠠᠲᠤ ᠦᠨᠳᠦᠰᠦᠳᠡᠨ ᠤ ᠰᠤᠷᠤᠭᠴᠢ ᠵᠢᠨ ᠬᠢᠳᠠᠳ ᠦᠨᠳᠦᠰᠦᠳᠡᠨ ᠤ ᠰᠤᠷᠤᠭᠴᠢ ᠯᠤᠭ᠎ᠠ ᠠᠳᠠᠯᠢ ᠲᠡᠭᠰᠢ ᠰᠤᠷᠭᠠᠨ ᠬᠦᠮᠦᠵᠢᠯ ᠬᠦᠷᠳᠡᠬᠦ ᠡᠷᠬᠡ ᠵᠢ ᠪᠠᠳᠤᠯᠠᠬᠤ ᠵᠢᠨ ᠲᠦᠯᠦᠭᠡ᠂ ᠦᠨᠳᠦᠰᠦᠳᠡᠨ ᠤ ᠤᠷᠤᠨ ᠤ ᠴᠦᠬᠡᠨ ᠲᠤᠭᠠᠲᠤ ᠦᠨᠳᠦᠰᠦᠳᠡᠨ ᠤ ᠰᠢᠯᠭᠠᠭᠤᠯᠤᠭᠰᠠᠳ ᠲᠤ ᠬᠤᠪᠢ ᠨᠡᠮᠡᠵᠦ ᠦᠭ᠍ᠭᠦ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠭᠰᠡᠨ ᠪᠠᠢᠢᠨ᠎ᠠ᠃ ᠡᠭᠦᠨ ᠳ᠋ᠤ ᠮᠠᠨ ᠤ ᠤᠷᠤᠨ ᠤᠯᠤᠰ ᠤᠨ ᠨᠢᠭᠡᠳᠦᠯᠲᠡᠢ ᠰᠢᠯᠭᠠᠯᠳᠠ ᠵᠢ ᠰᠡᠷᠭᠦᠭᠡᠭ᠍ᠰᠡᠨ ᠡᠴᠡ ᠨᠠᠭᠠᠰᠢ ᠡᠳᠦᠭᠡ ᠪᠤᠯᠳᠠᠯ᠎ᠠ᠂ ᠮᠤᠡᠭᠭᠤᠯ ᠦᠨᠳᠦᠰᠦᠳᠡᠨ᠂ ᠤᠷᠴᠤᠨ ᠦᠨᠳᠦᠰᠦᠳᠡᠨ᠂ ᠡᠸᠩᠬᠢ ᠦᠨᠳᠦᠰᠦᠳᠡᠨ᠂ ᠲᠠᠭᠤᠷ ᠦᠨᠳᠦᠰᠦᠳᠡᠨ ᠤ ᠰᠢᠯᠭᠠᠭᠤᠯᠤᠭᠰᠠᠳ ᠲᠤ ᠬᠤᠪᠢ ᠨᠡᠮᠡᠬᠦ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠭᠰᠡᠭᠡᠷ ᠪᠠᠢᠢᠨ᠎ᠠ᠃ ᠲᠤᠰ ᠲᠦᠷᠦ ᠵᠢᠨ ᠪᠤᠳᠤᠯᠭ᠎ᠠ ᠨᠢᠭᠡᠨᠳᠡ ᠨᠡᠯᠢᠶᠡᠳ ᠪᠤᠯᠪᠠᠰᠤᠷᠠᠡᠭᠭᠤᠢ ᠪᠤᠯᠤᠭᠰᠠᠨ ᠤᠷᠤᠨ ᠨᠤᠲᠤᠭ ᠤᠨ ᠲᠦᠷᠦ ᠵᠢᠨ ᠪᠤᠳᠤᠯᠭ᠎ᠠ ᠪᠤᠯᠤᠭᠰᠠᠨ ᠤ ᠬᠤᠪᠢ ᠳ᠋ᠤ ᠲᠠᠷᠠᠭᠠᠴᠢ ᠵᠢᠨ ᠠᠯᠬᠤᠮ ᠳ᠋ᠤ ᠡᠷᠬᠡᠪᠰᠢ ᠬᠠᠤᠯᠢ ᠲᠤᠭᠳᠠᠭᠠᠬᠤ ᠠᠷᠭ᠎ᠠ ᠵᠠᠮ ᠵᠢᠠᠷ ᠤᠯᠠᠮ ᠨᠢᠭᠡ ᠠᠯᠬᠤᠮ ᠲᠤᠭᠳᠠᠪᠤᠷᠢᠵᠢᠭᠤᠯᠬᠤ ᠴᠢᠬᠤᠯᠠᠲᠠᠢ᠂ ᠡᠢᠢᠮᠦ ᠡᠴᠡ ᠡᠨᠡ ᠤᠳᠠᠭ᠎ᠠᠲᠦᠷᠢᠮ       ᠲᠦᠰᠦᠯ᠋ ᠤᠨ ᠬᠤᠷᠢᠨ ᠲᠦᠷᠪᠡᠳᠦᠭᠡᠷ ᠵᠤᠷᠪᠤᠰ ᠲᠤ᠂ ᠮᠤᠡᠭᠭᠤᠯ ᠦᠨᠳᠦᠰᠦᠳᠡᠨ ᠪᠠᠭᠤᠷᠪᠠᠨ ᠴᠦᠬᠡᠨ ᠲᠤᠭᠠᠲᠤ ᠦᠨᠳᠦᠰᠦᠳᠡᠨᠳ᠋ᠤ ᠬᠤᠪᠢ ᠨᠡᠮᠡᠨ ᠡᠯᠰᠡᠬᠦ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠨ᠎ᠡ ᠭᠡᠵᠦ ᠲᠤᠭᠳᠠᠭᠠᠵᠠᠢ᠃

    (ᠬᠤᠶᠠᠷᠴᠦᠬᠡᠨ ᠲᠤᠭᠠᠲᠤ ᠦᠨᠳᠦᠰᠦᠳᠡᠨ ᠤ ᠰᠤᠷᠭᠠᠭᠤᠯᠢ ᠵᠢᠨ ᠪᠠᠭᠰᠢ ᠵᠢᠨ ᠲᠤᠰᠬᠠᠢ ᠮᠡᠷᠭᠡᠵᠢᠯ ᠤᠨ ᠠᠵᠢᠯ ᠤᠨ ᠪᠠᠢᠢᠷᠢ ᠪᠠ ᠲᠡᠭᠡᠲᠤ ᠲᠡᠰ ᠤᠨ ᠲᠤᠰᠢᠶᠠᠯ ᠤᠨ ᠬᠠᠷᠢᠴᠠᠯ ᠢ ᠡᠡᠭ ᠤᠨ ᠰᠤᠷᠭᠠᠭᠤᠯᠢ ᠡᠴᠡ ᠦᠨᠳᠦᠷ ᠪᠠᠢᠢᠯᠭᠠᠬᠤ ᠲᠤᠬᠠᠢ ᠠᠰᠠᠭᠤᠳᠠᠯ

    《ᠲᠦᠷᠢᠮᠲᠦᠰᠦᠯ᠋ ᠤᠨ ᠬᠤᠷᠢᠨ ᠨᠠᠢᠮᠠᠳᠤᠭᠠᠷ ᠵᠤᠷᠪᠤᠰ ᠲᠤᠴᠦᠬᠡᠨ ᠲᠤᠭᠠᠲᠤ ᠦᠨᠳᠦᠰᠦᠳᠡᠨ ᠤ ᠰᠤᠷᠭᠠᠭᠤᠯᠢ ᠵᠢᠨ ᠪᠠᠭᠰᠢ ᠵᠢᠨ ᠲᠤᠰᠬᠠᠢ ᠮᠡᠷᠭᠡᠵᠢᠯ ᠤᠨ ᠠᠵᠢᠯ ᠤᠨ ᠪᠠᠢᠢᠷᠢ᠂ ᠲᠡᠭᠡᠲᠤ ᠲᠡᠰ ᠤᠨ ᠲᠤᠰᠢᠶᠠᠯ ᠤᠨ ᠬᠠᠷᠢᠴᠠᠯ ᠢ ᠠᠳᠠᠯᠢ ᠲᠡᠰ ᠤᠨ ᠠᠳᠠᠯᠢ ᠲᠦᠷᠦᠯ ᠤᠨ ᠪᠤᠰᠤᠳ ᠰᠤᠷᠭᠠᠭᠤᠯᠢ ᠡᠴᠡ ᠦᠨᠳᠦᠷ ᠪᠠᠢᠢᠯᠭᠠᠪᠠᠯ ᠵᠤᠬᠢᠨ᠎ᠠᠭᠡᠵᠤ ᠲᠤᠭᠳᠠᠭᠠᠵᠠᠢ᠃ ᠡᠨᠡ ᠲᠤᠭᠳᠠᠭᠠᠯ ᠪᠤᠯ ᠮᠠᠨ ᠤ ᠤᠷᠤᠨ ᠤ ᠤᠷᠳᠤ ᠬᠤᠭᠤᠴᠠᠭᠠᠨ ᠤ ᠲᠤᠷᠰᠢ ᠪᠠᠷᠢᠮᠳᠠᠯᠠᠭᠰᠠᠭᠠᠷ ᠢᠷᠡᠭᠰᠡᠨ ᠲᠦᠷᠤ ᠵᠢᠨ ᠪᠤᠳᠤᠯᠭ᠎ᠠ ᠪᠤᠯᠤᠨ᠎ᠠ᠂ ᠡᠨᠡ ᠨᠢ ᠦᠨᠳᠦᠰᠦᠳᠡᠨ ᠤ ᠰᠤᠷᠭᠠᠭᠤᠯᠢ ᠵᠢᠨ ᠪᠠᠭᠰᠢ ᠵᠢᠨ ᠡᠡᠭᠨᠡᠭᠡ ᠵᠢ ᠲᠤᠭᠳᠠᠭᠤᠨ ᠪᠤᠯᠭᠠᠬᠤ ᠳ᠋ᠤ ᠠᠰᠢᠬᠲᠠᠢ ᠪᠡᠷ ᠪᠠᠷᠠᠬᠤ ᠦᠭᠡᠢ᠂ ᠰᠢᠯᠢᠳᠡᠭ ᠪᠠᠭᠰᠢ ᠨᠠᠷ ᠤᠨ ᠦᠨᠳᠦᠰᠦᠳᠡᠨ ᠤ ᠰᠤᠷᠭᠠᠭᠤᠯᠢ ᠳ᠋ᠤ ᠠᠵᠢᠯᠯᠠᠬᠤ ᠵᠢ ᠤᠷᠮᠠᠰᠢᠭᠤᠯᠬᠤ ᠳ᠋ᠤ ᠠᠰᠢᠭᠲᠠᠢ᠂ ᠨᠠᠮ ᠪᠠ ᠵᠠᠰᠠᠭ ᠤᠨ ᠤᠷᠳᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠲᠡᠭᠡᠲᠤ ᠬᠡᠮᠵᠢᠶ᠎ᠡ ᠪᠡᠷ ᠴᠢᠬᠤᠯᠠᠴᠢᠯᠠᠨ ᠦᠵᠡᠵᠦ ᠪᠠᠢᠢᠭ᠎ᠠ ᠪᠤᠲᠠᠲᠠᠢ ᠢᠯᠡᠷᠡᠯ ᠪᠤᠯᠬᠤ ᠶᠤᠮ᠃

ᠢᠷᠡᠯᠳᠡ᠄ ᠦᠪᠦᠷ ᠮᠤᠩᠭ᠋ᠤᠯ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119634179