蒙古文网站Logo
ᠰᠢᠨᠬᠤᠸᠠ ᠮᠤᠩᠭ᠋ᠤᠯ ᠨᠧᠲ

ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠭᠢᠷᠢᠨ ᠤ ᠶᠡᠬᠡ ᠰᠤᠷᠭᠠᠭᠤᠯᠢ ᠲᠠᠢ ᠪᠠᠶᠢᠯᠳᠤᠬᠤ ᠪᠤᠳᠤᠯᠭ᠎ᠠ ᠶᠢᠨ ᠬᠡᠯᠡᠯᠴᠡᠬᠡᠷ ᠪᠠᠶᠢᠭᠤᠯᠪᠠ

2016-09-29 17:08

    9 ᠰᠠᠷ᠎ᠠ ᠶᠢᠨ 28 ᠤ ᠡᠳᠦᠷ᠂ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠯᠤᠨ ᠭᠢᠷᠢᠨ ᠤ ᠶᠡᠬᠡ ᠰᠤᠷᠭᠠᠭᠤᠯᠢ ᠶᠢᠨ ᠪᠠᠶᠢᠯᠳᠤᠬᠤ ᠪᠤᠳᠤᠯᠭ᠎ᠠ ᠶᠢᠨ ᠬᠡᠯᠡᠯᠴᠡᠬᠡᠷ ᠪᠠᠶᠢᠭᠤᠯᠬᠤ ᠶᠤᠰᠤᠯᠠᠯ ᠴᠠᠩᠴᠦ᠋ᠨ ᠳᠤ ᠪᠤᠯᠤᠭᠰᠠᠨ ᠪᠠᠶᠢᠨ᠎ᠠ᠃ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠭᠠᠷ ᠤᠨ ᠦᠰᠦᠭ᠌ ᠵᠢᠷᠥᠬᠤ ᠶᠤᠰᠤᠯᠠᠯ ᠳᠤ ᠤᠷᠤᠯᠴᠠᠵᠤ᠂ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠳᠡᠷᠢᠬᠦᠯᠡᠭᠴᠢ ᠮᠠ ᠮᠢᠩ ᠶᠤᠰᠤᠯᠠᠯ ᠤᠨ ᠦᠭᠡ ᠬᠡᠯᠡᠵᠤ᠂ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠲᠡᠳ᠋ ᠳᠡᠷᠢᠬᠦᠯᠡᠭᠴᠢ ᠪᠠᠢ ᠴᠢᠶᠠᠩ ᠴᠢᠶᠦ᠋ᠨ ᠪᠤᠯᠤᠨ ᠭᠢᠷᠢᠨ ᠤ ᠶᠡᠬᠡ ᠰᠤᠷᠭᠠᠭᠤᠯᠢ ᠶᠢᠨ ᠵᠠᠬᠢᠷᠤᠯ ᠯᠢ ᠶᠤᠸᠠᠨ ᠶᠤᠸᠠᠨ ᠬᠤᠶᠠᠷ ᠳᠠᠯ᠎ᠠ ᠶᠢ ᠲᠦᠯᠤᠭᠡᠯᠡᠨ《ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠯᠤᠨ ᠭᠢᠷᠢᠨ ᠤ ᠶᠡᠬᠡ ᠰᠤᠷᠭᠠᠭᠤᠯᠢ ᠶᠢᠨ ᠪᠠᠶᠢᠯᠳᠤᠬᠤ ᠪᠤᠳᠤᠯᠭ᠎ᠠ ᠶᠢᠨ ᠬᠡᠯᠡᠯᠴᠡᠬᠡᠷ》ᠲᠤ ᠭᠠᠷ ᠤᠨ ᠦᠰᠦᠭ᠌ ᠵᠢᠷᠥᠵᠤ᠂ ᠭᠢᠷᠢᠨ ᠤ ᠶᠡᠬᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠶᠠᠩ ᠵᠸᠨ ᠪᠢᠨ ᠶᠤᠰᠤᠯᠠᠯ  ᠶᠢ ᠡᠷᠬᠢᠯᠡᠪᠡ᠃

    ᠬᠡᠯᠡᠯᠴᠡᠬᠡᠷ ᠢ ᠦᠡᠳᠦᠰᠤᠯᠡᠨ ᠬᠤᠶᠠᠷ ᠳᠠᠯ᠎ᠠ ᠪᠡᠷ ᠢᠶᠡᠨ  ᠭᠢᠷᠢᠨ ᠤ ᠶᠡᠬᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠤᠯᠤᠬᠢ ᠪᠤᠯᠤᠨ ᠴᠢᠳᠡᠪᠦᠷᠢᠳᠡᠨ ᠤ ᠶᠡᠷᠦᠩᠬᠡᠢ ᠲᠠᠪᠡᠭᠤᠯᠢᠭ ᠢ ᠭᠦᠢᠴᠡᠳ ᠪᠠᠳᠡᠷᠠᠭᠤᠯᠵᠤ᠂ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠡᠬᠢ ᠪᠠᠶᠠᠯᠢᠭ ᠪᠤᠯᠤᠨ ᠠᠵᠤ ᠦᠢᠯᠡᠰ ᠤᠨ ᠲᠠᠪᠡᠭᠤᠯᠢᠭ ᠢ ᠤᠶᠠᠯᠳᠤᠭᠤᠯᠤᠨ᠂ ᠭᠤᠤᠯᠳᠠᠭᠤ ᠳᠠᠷᠠᠭᠠᠬᠢ ᠭᠤᠷᠪᠡᠨ ᠲᠠᠯ᠎ᠠ ᠪᠡᠷ ᠬᠠᠮᠳᠤᠷᠠᠨ ᠠᠵᠢᠯᠯᠠᠨ᠎ᠠ᠄ ᠨᠢᠭᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠢᠷ ᠢ ᠰᠢᠢᠳᠪᠦᠷᠢᠯᠠᠬᠦ ᠪᠠ ᠰᠢᠨ᠎ᠠ ᠡᠭᠦᠳᠤᠯᠳᠡ ᠶᠢ ᠬᠠᠮᠳᠤᠷᠠᠨ ᠨᠡᠬᠡᠬᠡᠵᠦ᠂ ᠨᠦᠬᠦᠴᠡᠯ ᠪᠤᠯᠤᠮᠵᠢ ᠶᠢ ᠬᠠᠮᠳᠤᠪᠠᠷ ᠨᠡᠬᠡᠬᠡᠨ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠦᠷ᠎ᠠ ᠪᠦᠳᠦᠭᠡᠯ ᠢ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠳᠤ ᠦᠨᠳᠦᠰᠦᠯᠡᠬᠦᠯᠬᠦ ᠪᠠ ᠠᠵᠤ ᠦᠢᠯᠡᠰᠵᠢᠯᠳᠡ ᠶᠢᠨ ᠬᠡᠷᠡᠭᠵᠢᠬᠦᠯᠦᠯᠳᠡ ᠶᠢ ᠠᠬᠢᠭᠤᠯᠤᠨ᠎ᠠ᠃ ᠬᠤᠶᠠᠷ ᠲᠤ᠂ ᠰᠤᠷᠭᠠᠨ ᠬᠦᠮᠦᠵᠢᠯ ᠤᠨ ᠬᠠᠮᠳᠦ ᠶᠢᠨ ᠠᠵᠢᠯᠯᠠᠭ᠎ᠠ ᠶᠢ ᠦᠷᠨᠢᠬᠦᠯᠵᠤ᠂ ᠳᠡᠬᠡᠳᠦ ᠳᠦᠪᠰᠢᠨ ᠤ ᠴᠢᠳᠡᠪᠦᠷᠢᠳᠡᠨ ᠶᠢ ᠬᠦᠮᠦᠵᠢᠭᠦᠯᠦᠨ᠎ᠠ᠃ ᠭᠤᠷᠪᠠ ᠳᠤ᠂ ᠬᠦᠮᠦᠨᠯᠢᠭ ᠨᠡᠶᠢᠬᠡᠮ ᠰᠢᠨᠵᠢᠯᠡᠬᠦ ᠤᠬᠠᠭᠠᠨ ᠤ ᠰᠠᠯᠪᠤᠷᠢ ᠳ᠋ᠡᠬᠢ ᠬᠠᠮᠳᠤ ᠶᠢᠨ ᠰᠤᠳᠤᠯᠤᠯᠭ᠎ᠠ ᠶᠢ ᠦᠷᠨᠢᠬᠦᠯᠵᠤ᠂ ᠦᠪᠦᠷ ᠮᠤᠡᠭᠭᠤᠯ ᠤᠨ ᠦᠪᠡᠷᠳᠡᠭᠡᠨ ᠵᠠᠰᠠᠬᠤ ᠤᠷᠤᠨ ᠤ ᠪᠦᠬᠦ ᠲᠠᠯ᠎ᠠ ᠪᠠᠷ ᠴᠢᠨᠡᠭᠡᠯᠢᠭ᠌ ᠨᠡᠶᠢᠭᠡᠮ ᠢ ᠪᠠᠶᠢᠭᠤᠯᠬᠤ ᠳᠤ ᠤᠶᠤᠨ ᠤ ᠲᠡᠮᠵᠢᠯᠭᠡ ᠦᠵᠡᠭᠦᠯᠦᠨ᠎ᠠ᠃

    ᠡᠨᠡᠬᠦ ᠬᠡᠯᠡᠯᠴᠡᠬᠡᠷ ᠤᠨ ᠳᠠᠭᠠᠤ᠂ ᠲᠦᠡᠭᠯᠢᠶᠤᠤ ᠬᠤᠳᠡ ᠪᠤᠯᠤᠨ ᠭᠢᠷᠢᠨ ᠤ ᠶᠡᠬᠡ ᠰᠤᠷᠭᠠᠭᠤᠯᠢ《ᠲᠦᠡᠭᠯᠢᠶᠤᠤ ᠬᠤᠳᠡ ᠶᠢᠨ ᠠᠷᠠᠳ ᠤᠨ ᠵᠠᠰᠠᠭ ᠤᠨ ᠤᠷᠳᠤᠨ᠂ ᠭᠢᠷᠢᠨ ᠤ ᠶᠡᠬᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠤᠯᠤᠬᠢ᠂ ᠰᠤᠷᠭᠠᠨ ᠬᠦᠮᠦᠵᠢᠯ᠂ ᠴᠢᠳᠡᠪᠦᠷᠢᠳᠡᠨ ᠤ ᠬᠠᠮᠳᠤ ᠶᠢᠨ ᠠᠵᠢᠯᠯᠠᠭᠠᠨ ᠤ ᠬᠡᠯᠡᠯᠴᠡᠬᠡᠷ》ᠲᠤ ᠭᠠᠷ ᠤᠨ ᠦᠰᠦᠭ᠌ ᠵᠢᠷᠥᠵᠤ᠂ ᠦᠪᠦᠷ ᠮᠤᠡᠭᠭᠤᠯ ᠤᠨ ᠦᠡᠳᠦᠰᠦᠳᠡᠨ ᠤ ᠶᠡᠬᠡ ᠰᠤᠷᠭᠠᠭᠤᠯᠢ ᠪᠤᠯᠤᠨ ᠭᠢᠷᠢᠨ ᠤ ᠶᠡᠬᠡ ᠰᠤᠷᠭᠠᠭᠤᠯᠢ ᠬᠤᠵᠢᠮ ᠬᠠᠷᠢᠯᠴᠠᠭ᠎ᠠ ᠬᠠᠮᠳᠤ ᠶᠢᠨ ᠠᠵᠢᠯᠯᠠᠭ᠎ᠠ ᠦᠷᠨᠢᠬᠦᠯᠬᠦ ᠳᠠᠯ᠎ᠠ ᠪᠡᠷ ᠰᠠᠭᠤᠳᠡᠯ ᠤᠨ ᠬᠤᠷᠠᠯ ᠬᠤᠷᠠᠯᠳᠤᠭᠤᠯᠪᠠ᠃ (ᠳᠠᠳᠤᠯᠭ᠎ᠠ ᠶᠢᠨ ᠰᠤᠷᠤᠭᠴᠢ ᠦᠷᠡᠵᠢᠮᠢᠰ ᠤᠷᠴᠢᠭᠤᠯᠪᠠ)

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119648847