蒙古文网站Logo
ᠰᠢᠨᠬᠤᠸᠠ ᠮᠤᠩᠭ᠋ᠤᠯ ᠨᠧᠲ

ᠠᠰᠫᠢᠷᠠᠡᠲ ᠤᠨ ᠰᠢᠯᠭᠠᠯᠳᠠ ᠳᠤ ᠲᠠᠷᠠᠭ᠎ᠠ ᠭᠠᠷᠠᠬ ᠤᠨ ᠨᠢᠭᠡᠨ ᠡᠴᠡ ᠨᠡᠷ᠎ᠠ ᠮᠠᠳᠡᠭᠦᠯᠦᠨ᠎ᠠ

2016-10-08 10:55

    ᠰᠤᠷᠪᠤᠯᠵᠢᠯᠠᠬᠴᠢ ᠰᠤᠷᠭᠠᠨ ᠬᠦᠮᠦᠵᠢᠯ ᠤᠨ ᠶᠠᠮᠤᠨ ᠡᠴᠡ ᠤᠶᠢᠯᠠᠭᠠᠭᠰᠠᠨ ᠢᠶᠡᠷ᠂ 2017 ᠤᠨ ᠤ ᠪᠦᠬᠦ ᠤᠯᠤᠰ ᠤᠨ ᠠᠰᠫᠢᠷᠠᠡᠲ ᠤᠨ ᠰᠢᠯᠭᠠᠯᠳᠠ ᠳᠤ ᠨᠡᠷ᠎ᠠ ᠮᠠᠳᠡᠭᠦᠯᠬᠦ ᠴᠠᠬ ᠨᠢ 10 ᠰᠠᠷ᠎ᠠ ᠶᠢᠨ 10  ᠤ ᠡᠳᠦᠷ ᠡᠴᠡ ᠡᠬᠢᠯᠠᠨ᠂ ᠠᠡᠭᠬᠠᠨ ᠤ ᠰᠢᠯᠭᠠᠯᠳᠠ ᠨᠢ 12 ᠰᠠᠷ᠎ᠠ ᠶᠢᠨ 24  ᠤ ᠡᠳᠦᠷ ᠡᠴᠡ 25  ᠤ ᠡᠳᠦᠷ ᠪᠤᠯᠳᠠᠯ᠎ᠠ ᠶᠠᠪᠤᠭᠳᠠᠨ᠎ᠠ᠃

    ᠰᠤᠷᠭᠠᠨ ᠬᠦᠮᠦᠵᠢᠯ ᠤᠨ ᠶᠠᠮᠤᠨ ᠤᠶᠢᠷ᠎ᠠ ᠶᠢᠨ ᠡᠳᠦᠷ 《2017 ᠤᠨ ᠤ ᠪᠦᠬᠦ ᠤᠯᠤᠰ ᠤᠨ ᠠᠰᠫᠢᠷᠠᠡᠲ ᠡᠯᠰᠡᠭᠦᠯᠬᠦ ᠠᠵᠢᠯ ᠤᠨ ᠬᠠᠮᠢᠶᠠᠷᠠᠬᠤ ᠲᠤᠬᠳᠠᠭᠠᠯ》 ᠢ᠋ ᠬᠡᠪᠯᠡᠨ ᠲᠠᠷᠬᠠᠭᠠᠪᠠ᠃ 2017 ᠤᠨ ᠤ ᠠᠰᠫᠢᠷᠠᠡᠲ ᠤᠨ ᠰᠢᠯᠭᠠᠯᠳᠠ ᠶᠢᠨ ᠨᠡᠷ᠎ᠠ ᠮᠠᠳᠡᠭᠦᠯᠬᠦ  ᠴᠠᠬ ᠨᠢ 10 ᠰᠠᠷ᠎ᠠ ᠶᠢᠨ 10  ᠤ ᠡᠳᠦᠷ ᠡᠴᠡ 10 ᠰᠠᠷ᠎ᠠ ᠶᠢᠨ 31  ᠤ ᠡᠳᠦᠷ ᠪᠤᠯᠳᠡᠯᠠᠬᠢ 09᠄00 ᠴᠠᠬ ᠡᠴᠡ 22᠄00 ᠴᠠᠬ ᠬᠦᠷᠳᠡᠯ᠎ᠡ᠂ ᠬᠤᠭᠤᠴᠠᠭ᠎ᠠ ᠨᠢ ᠬᠡᠳᠦᠷᠡᠪᠡᠯ ᠨᠦᠬᠦᠵᠤ ᠨᠡᠷ᠎ᠡ ᠮᠡᠳᠡᠭᠦᠯᠵᠦ ᠳᠡᠶᠢᠯᠬᠦ ᠦᠭᠡᠢ ᠪᠦᠭᠡᠳ ᠨᠡᠷ᠎ᠠ ᠮᠠᠳᠡᠭᠦᠯᠦᠭᠰᠠᠨ ᠰᠤᠷᠠᠬ ᠵᠠᠩᠬᠢ ᠳᠤ ᠪᠠᠨ ᠵᠠᠰᠠᠪᠤᠷᠢ ᠤᠷᠤᠭᠤᠯᠵᠤ ᠪᠤᠯᠬᠤ ᠦᠭᠡᠢ᠃ ᠠᠡᠭᠬᠠᠨ ᠤ ᠰᠢᠯᠭᠠᠯᠳᠠ ᠨᠢ  12 ᠰᠠᠷ᠎ᠠ ᠶᠢᠨ 24  ᠤ ᠡᠳᠦᠷ ᠡᠴᠡ 25  ᠤ ᠡᠳᠦᠷ ᠪᠤᠯᠳᠡᠯ᠎ᠠ ᠶᠠᠪᠤᠬᠳᠠᠵᠤ᠂ 3 ᠴᠠᠬ ᠡᠴᠡ ᠤᠷᠳᠤ ᠬᠤᠭᠤᠴᠠᠭ᠎ᠠ ᠲᠠᠢ ᠰᠢᠯᠭᠠᠯᠳᠠ ᠨᠢ 12 ᠰᠠᠷ᠎ᠠ ᠶᠢᠨ 26  ᠤ ᠡᠳᠦᠷ ᠶᠠᠪᠤᠬᠳᠠᠨ᠎ᠠ᠃

    ᠦᠩᠬᠡᠷᠡᠭᠰᠡᠨ ᠲᠠᠢ ᠬᠠᠷᠢᠴᠠᠭᠤᠯᠪᠠᠯ᠂ ᠠᠵᠢᠯ  ᠤᠨ ᠪᠠᠶᠢᠷᠢᠨ ᠳᠤ ᠪᠠᠶᠢᠭ᠎ᠠ ᠬᠦᠮᠦᠰ ᠮᠠᠬᠢᠰᠲ᠋ᠷ ᠤᠨ ᠴᠤᠯᠠ ᠠᠪᠬᠤ ᠠᠰᠫᠢᠷᠠᠡᠲ ᠤᠨ ᠰᠢᠯᠭᠠᠯᠳᠠ ᠶᠢᠨ ᠠᠵᠢᠯ ᠨᠢ ᠪᠦᠬᠦ ᠤᠯᠤᠰ ᠤᠨ ᠬᠠᠮᠳᠤᠷᠠᠬᠰᠠᠨ ᠰᠢᠯᠭᠠᠯᠳᠠ ᠵᠢ ᠬᠠᠰᠤᠵᠤ᠂ ᠪᠦᠬᠦᠯᠢ ᠡᠳᠦᠷ ᠤᠨ ᠪᠤᠰᠤ ᠳᠦᠷᠢᠮᠳᠦ ᠠᠰᠫᠢᠷᠠᠡᠲ ᠤᠨ ᠰᠤᠷᠭᠠᠨ ᠬᠦᠮᠦᠵᠢᠯ ᠤᠨ ᠬᠡᠯᠪᠡᠷᠢ ᠪᠡᠷ ᠪᠦᠬᠦ ᠤᠯᠤᠰ ᠤᠨ ᠰᠤᠷᠤᠬᠴᠢ ᠡᠯᠰᠡᠬᠦ ᠲᠦᠯᠦᠪᠯᠡᠭᠡ ᠪᠠ ᠪᠦᠬᠦ ᠤᠯᠤᠰ ᠤᠨ ᠠᠰᠫᠢᠷᠠᠡᠲ ᠤᠨ ᠨᠢᠭᠡᠳᠦᠯᠳᠡᠢ ᠰᠢᠯᠭᠠᠯᠳᠠ ᠳᠤ ᠤᠷᠤᠭᠤᠯᠤᠨ ᠡᠯᠰᠡᠨ᠎ᠡ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120701119673097