蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ᠄ 2017 ᠤᠯᠤᠰ ᠤᠨ ᠰᠢᠯᠭᠠᠯᠲᠠ ᠳ᠋ᠤ ᠪᠦᠢᠷᠳᠭᠡᠬᠦᠯᠬᠦ ᠪᠠ ᠡᠷᠬᠡ ᠶᠢ ᠬᠢᠨᠠᠬᠤ ᠠᠵᠢᠯ 12 ᠰᠠᠷ᠎ᠠ ᠶᠢᠨ 10 ᠪᠤᠯᠲᠠᠯ᠎ᠠ ᠶᠠᠪᠤᠭᠲᠠᠨ᠎ᠠ

2016-10-12 16:07

    10 ᠰᠠᠷ᠎᠎ᠠ ᠶᠢᠨ 9 ᠤ ᠡᠲᠦᠷ᠂ ᠰᠢᠨᠵᠢᠶᠠᠩ ᠤᠨ ᠤᠢᠢᠭᠤᠷ ᠤᠨ ᠦᠪᠡᠷᠲᠡᠭᠡᠨ ᠵᠠᠰᠠᠬᠤ ᠤᠷᠤᠨ ᠤ ᠰᠤᠷᠤᠭᠴᠢ ᠡᠯᠰᠡᠬᠦ ᠠᠯᠪᠠᠨ ᠡᠴᠡ ᠤᠢᠢᠯᠠᠭᠠᠭᠰᠠᠨ ᠶᠢᠡᠷ᠂ ᠰᠢᠨᠵᠢᠶᠠᠩ ᠤᠨ 2017 ᠤᠨ ᠤ ᠤᠯᠤᠰ ᠤᠨ ᠰᠢᠯᠭᠠᠯᠲᠠ ᠳ᠋ᠤ ᠪᠦᠷᠢᠳᠭᠡᠬᠦᠯᠬᠦ ᠪᠠ ᠡᠷᠬᠡ ᠶᠢ ᠬᠢᠨᠠᠬᠤ ᠠᠵᠢᠯ 2016 ᠤᠨ ᠤ 12 ᠰᠠᠷ᠎ᠠ ᠶᠢᠨ 10 ᠤ ᠡᠲᠦᠷ ᠪᠤᠯᠲᠠᠯ᠎ᠠ ᠶᠠᠪᠤᠭᠲᠠᠨ᠎ᠠ᠂ ᠡᠯ᠎ᠡ ᠭᠠᠵᠠᠷ ᠤᠨ ᠬᠢᠨ ᠪᠦᠷᠢᠳᠭᠡᠬᠦᠯᠬᠦ ᠴᠠᠭ ᠶᠢᠡᠨ ᠦᠪᠡᠷᠲᠡᠭᠡᠨ ᠲᠤᠭᠲᠠᠭᠠᠵᠤ᠂ ᠨᠡᠢᠢᠭᠡᠮ ᠲᠠᠶᠠᠭᠠᠷ ᠲᠤ ᠤᠷᠢᠳᠴᠢᠯᠠᠨ ᠢᠯᠡ ᠪᠡᠷ ᠨᠡᠢᠢᠲᠡᠯᠡᠬᠦ ᠬᠡᠷᠡᠭᠲᠡᠢ ᠭᠡᠵᠡᠢ᠃

    ᠰᠡᠭᠦᠯ ᠤᠨ ᠦᠶ᠎ᠠ ᠳ᠋ᠤ ᠨᠡᠢᠢᠲᠡᠯᠡᠭᠰᠡᠨ《 ᠦᠪᠡᠷᠲᠡᠭᠡᠨ ᠵᠠᠰᠠᠬᠤ ᠤᠷᠤᠨ ᠤ 2017 ᠤᠨ ᠤ ᠤᠯᠤᠰ ᠤᠨ ᠰᠢᠯᠭᠠᠯᠲᠠ ᠳ᠋ᠤ ᠪᠦᠷᠢᠳᠭᠡᠬᠦᠯᠬᠦ ᠠᠵᠢᠯ ᠤᠨ ᠲᠤᠭᠲᠠᠭᠠᠯ》(ᠲᠤᠷᠤᠭᠰᠢ 《ᠲᠤᠭᠲᠠᠭᠠᠯ》ᠬᠡᠮᠡᠨ ᠲᠤᠪᠴᠢᠯᠠᠪᠠ) ᠳ᠋ᠤ᠂ 2017 ᠤᠨ ᠤ ᠤᠯᠤᠰ ᠤᠨ ᠰᠢᠯᠭᠠᠯᠲᠠ ᠳ᠋ᠤ ᠪᠦᠷᠢᠳᠭᠡᠬᠦᠯᠬᠦ ᠠᠵᠢᠯ ᠢᠨᠲ᠋ᠸᠷᠨ᠋ᠸᠲ ( ᠬᠠᠶ‍ᠢᠭ http://www.xjzk.gov.cn) ᠶᠢᠡᠷ ᠶᠠᠪᠤᠭᠲᠠᠨ᠎ᠠ᠃

    《ᠲᠤᠭᠲᠠᠭᠠᠯ》 ᠳ᠋ᠤ᠂ ᠰᠢᠨᠵᠢᠶᠠᠩ ᠤᠨ ᠲᠡᠭᠦᠰᠦᠭᠰᠡᠨ ᠪᠠ ᠰᠢᠨ᠎ᠡ ᠪᠡᠷ ᠲᠡᠭᠦᠰᠬᠦ ᠭᠡᠵᠦ ᠪᠠᠢᠢᠭ᠎ᠠ ᠦᠨᠳᠦᠷ ᠲᠤᠮᠲᠠᠲᠤ ᠶᠢᠨ ᠰᠤᠷᠤᠭᠴᠢ᠂ ᠲᠤᠮᠲᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠡᠴᠡ ᠲᠡᠭᠦᠰᠦᠭᠰᠡᠨ ᠪᠠ ᠰᠢᠨ᠎ᠡ ᠪᠡᠷ ᠲᠡᠭᠦᠰᠬᠦ ᠭᠡᠵᠦ ᠪᠠᠢᠢᠭ᠎ᠠ ᠰᠤᠷᠤᠭᠴᠢ᠂ ᠨᠤᠲᠤᠭ ᠠᠯᠤᠰᠯᠠᠬᠤ ᠵᠢᠴᠢ ᠪᠤᠰᠤᠳ ᠨᠦᠬᠦᠴᠡᠯ ᠳ᠋ᠤ ᠬᠦᠷᠦᠭᠰᠡᠨ ᠰᠢᠯᠭᠠᠭᠤᠯᠤᠭᠰᠠᠳ ᠪᠦᠷᠢᠳᠭᠡᠬᠦᠯᠵᠦ ᠪᠤᠯᠤᠨ᠎ᠠ ᠭᠡᠵᠡᠢ᠃

    《ᠲᠤᠭᠲᠠᠭᠠᠯ》 ᠳ᠋ᠤ᠂ ᠰᠢᠨᠵᠢᠶᠠᠩ ᠤᠨ ᠡᠮᠦᠨ᠎᠎ᠠ ᠲᠦᠷᠪᠡᠨ ᠵᠸᠦ᠂ ᠤᠯᠤᠰ ᠤᠨ ᠶᠠᠲᠠᠭᠤ ᠬᠦᠴᠢᠷᠲᠡᠯ ᠲᠠᠢ ᠰᠢᠶᠠᠨ ᠤ ᠦᠨᠳᠦᠷ ᠲᠤᠮᠲᠠᠲᠤ ᠳ᠋ᠤ ᠲᠠᠷᠠᠭᠠᠯᠠᠨ ᠭᠤᠷᠪᠠᠨ ᠵᠢᠯ ᠰᠤᠷᠤᠯᠴᠠᠭᠰᠠᠨ ᠦᠭᠡᠢ ᠪᠤᠯ ᠰᠢᠨᠵᠢᠶᠠᠩ ᠤᠨ ᠡᠮᠦᠨ᠎ᠡ ᠬᠡᠰᠡᠭ ᠪᠠ ᠶᠠᠲᠠᠭᠤ ᠬᠦᠴᠢᠷᠲᠡᠯ ᠲᠠᠢ ᠰᠢᠶᠠᠨ ᠤ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢ ᠬᠦᠷᠲᠡᠬᠦ ᠦᠭᠡᠢ᠂ ᠠᠵᠢᠯ ᠲᠦᠷᠦᠯ ᠶᠢᠡᠷ ᠲᠤᠰᠠᠯᠠᠨ ᠲᠡᠮᠵᠢᠬᠦ ᠤᠷᠤᠨ ᠳ᠋ᠤ ᠪᠦᠷᠢᠳᠭᠡᠬᠦᠯᠦᠭᠰᠡᠨ ᠦᠬᠡᠢ ᠰᠢᠯᠭᠠᠭᠤᠯᠤᠬᠰᠠᠳ ᠲᠤᠬᠠᠢ ᠶᠢᠨ ᠤᠷᠤᠨ ᠤ ᠲᠦᠷᠦ ᠶᠢᠨ ᠪᠤᠲᠤᠯᠭ᠎ᠠ ᠶᠢᠨ ᠬᠠᠷᠠᠭᠠᠯᠵᠠᠯ ᠢ ᠬᠦᠷᠲᠡᠬᠦ ᠦᠭᠡᠢ ᠭᠡᠵᠡᠢ᠃

ᠢᠷᠡᠯᠳᠡ᠄ ᠰᠢᠨᠵᠢᠶᠠᠩ ᠤᠨ ᠵᠠᠰᠠᠭ ᠤᠨ ᠤᠷᠲᠤᠨ ᠤ ᠠᠯᠪᠠᠨ ᠤ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791119703025